5 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠨᠠᠮ ᠤᠨ | ᠶᠡᠷᠦᠩᠬᠡᠢ ᠡᠭᠦᠷ ᠤᠨ 2023 ᠣᠨ ᠤ ᠲᠠᠪᠤᠳᠤᠭᠠᠷ ᠤᠳᠠᠭ᠎ᠠ ᠶᠢᠨ ︽ᠭᠤᠣᠯ ᠰᠡᠳᠦᠪᠲᠦ ᠨᠠᠮ ᠤᠨ ᠡᠳᠦᠷ︾ ᠤᠨ | ᠠᠵᠢᠯᠯᠠᠭ᠎ᠠ ᠶᠢ ᠥᠷᠨᠢᠭᠦᠯᠪᠡ᠃ ᠲᠤᠪᠴᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠦᠬᠦ ᠨᠠᠮ ᠤᠨ | ᠭᠡᠰᠢᠭᠦᠨ ᠺᠠᠳ᠋ᠷ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠤᠤ ᠹᠧᠩ ᠯᠢᠨ ᠨᠥᠬᠦᠷ | ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠶᠢ ᠠᠳᠬᠤᠵᠤ ᠨᠠᠮᠴᠢ ᠴᠢᠨᠠᠷ ᠢ | ᠴᠢᠩᠭᠠᠳᠬᠠᠨ ᠪᠣᠳᠠᠲᠠᠶ ᠠᠵᠢᠯ ᠬᠢᠵᠦ ᠪᠣᠳᠠᠲᠠᠶ ᠠᠮᠵᠢᠯᠲᠠ ᠭᠠᠷᠭᠠᠨ᠎ᠠ | ᠠᠵᠢᠯᠯᠠᠭ᠎ᠠ ᠶᠢᠨ ᠳᠤᠮᠳᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ ᠶᠢᠨ | ᠪᠥᠬᠦ ᠺᠠᠳ᠋ᠷ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠢᠶᠠᠨ ᠤ ᠬᠤᠲᠠ ᠶᠢᠨ ᠦᠵᠡᠮᠵᠢ ᠵᠢᠴᠢ | ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠮᠠᠰᠢ ᠶᠡᠭᠡ ᠳᠡᠭᠡᠭᠰᠢᠯᠡᠯᠲᠡ ᠲᠠᠢ ᠪᠣᠯᠵᠣ᠂ ᠳᠡᠭᠡᠳᠦ | ᠱᠠᠲᠤᠨ ᠤ ᠤᠳᠤᠷᠢᠳᠤᠯᠭ᠎ᠠ ᠪᠠ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠪᠠᠶᠢᠨ᠎ᠠ᠃ ᠭᠡᠪᠡᠴᠦ᠂ ᠮᠠᠨ ᠤ | ᠣᠳᠣᠬᠠᠨ ᠤ ᠣᠯᠤᠭᠰᠠᠨ ᠠᠮᠵᠢᠯᠲᠠ ᠪᠦᠲᠦᠮᠵᠢ ᠪᠠᠰᠠ ᠮᠠᠰᠢ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠬᠤ ᠶᠢ | ᠪᠢᠳᠡ ᠡᠷᠬᠡᠪᠰᠢ ᠭᠦᠢᠴᠡᠳ ᠲᠠᠨᠢᠬᠤ ᠬᠡᠷᠡᠭᠲᠡᠢ᠃ | ᠠᠵᠢᠯᠯᠠᠭ᠎ᠠ ᠶᠢᠨ ᠵᠣᠷᠢᠯᠭ᠎ᠠ᠄ ᠡᠨᠡ ᠵᠢᠯ᠂ ᠮᠠᠨ ᠤ ᠰᠢᠶᠠᠨ ᠤᠯᠤᠰ ᠤᠨ ᠲᠠᠰ ᠤᠨ ︽ᠪᠣᠯᠪᠠᠰᠤᠨ ᠬᠤᠲᠠ︾ | ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠥᠨᠥᠳᠦᠷ ᠤᠨ ︽ᠭᠤᠤᠯ ᠰᠡᠳᠦᠪᠲᠦ ᠨᠠᠮ ᠤᠨ ᠡᠳᠦᠷ︾ ᠤᠨ | ᠠᠵᠢᠯᠯᠠᠭ᠎ᠠ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠠᠵᠢᠯᠴᠢᠨ ᠢ ᠤᠷᠢᠶᠠᠯᠠᠨ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠨᠠᠩ | ᠴᠢᠷᠮᠠᠶᠢᠨ ᠠᠵᠢᠯᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠲᠠᠪᠤᠨ | ᠶᠡᠭᠡ ᠡᠭᠦᠷᠭᠡ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠦᠷᠢᠶᠡᠯᠡᠩ ᠬᠤᠶᠠᠷ | ᠲᠣᠭᠤᠷᠢᠭ︾ ᠢ ᠲᠦᠷᠭᠡᠳᠬᠡᠨ ᠪᠠᠶᠢᠭᠤᠯᠵᠤ᠂ ᠰᠢᠨ᠎ᠡ᠂ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ | ᠬᠤᠷᠠᠯ ᠳᠡᠭᠡᠷ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ ᠬᠠᠤᠯᠢ ᠪᠠᠷ ᠵᠠᠰᠠᠬᠤ | ᠬᠢᠴᠢᠶᠡᠯ ᠣᠷᠣᠬᠤ ᠪᠠ ᠰᠡᠷᠡᠮᠵᠢᠯᠡᠭᠦᠯᠬᠦ ᠬᠥᠮᠦᠵᠢᠯ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠨᠠᠮ ᠤᠨ | ᠰᠦᠢᠳᠬᠡᠯ ᠲᠤᠰᠢᠶᠠᠵᠠᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |