ᠸᠠᠩ ᠬᠤᠢ ᠢᠦᠶ ᠪᠦᠯᠬᠦᠮ ᠳᠠᠭᠠᠭᠤᠯᠤᠨ ᠵᠢᠶᠠᠩᠰᠦ ᠮᠤᠵᠢ᠂ ᠱᠠᠨᠳᠦ᠋ᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/5/22
      5 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ ᠪᠦᠯᠬᠦᠮ ᠳᠠᠭᠠᠭᠤᠯᠤᠨ ᠵᠢᠶᠠᠩᠰᠦ ᠮᠤᠵᠢ ᠶᠢᠨ ᠰᠦᠴᠢᠶᠠᠨ ᠬᠤᠲᠠ᠂ ᠱᠠᠨᠳᠦ᠋ᠩ ᠮᠤᠵᠢ ᠶᠢᠨ ᠽᠤᠤᠵᠤᠸᠠᠩ ᠬᠤᠲᠠ᠂ ᠲᠠᠢ ᠠᠨ ᠬᠤᠲᠠ ᠵᠡᠷᠭᠡ ᠭᠠᠵᠠᠷ ᠲᠤ ᠬᠦᠷᠴᠦ ᠪᠠᠶᠢᠴᠠᠭᠠᠨ ᠦᠵᠡᠵᠦ ᠬᠤᠳᠠᠯᠳᠤᠭᠠᠴᠢᠨ ᠤᠷᠢᠪᠠ᠂ ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ ᠸᠠᠩ ᠰᠢᠶᠤᠤ ᠵᠢᠶᠦ᠋ᠨ᠂ ᠬᠥᠩ ᠰᠢᠤ ᠯᠦᠩ ᠣᠷᠣᠯᠴᠠᠵᠠᠶ᠃ ᠸᠠᠩ ᠬᠤᠢ ᠢᠦᠢ ᠨᠡᠷ ᠳ᠋ᠧᠯᠢᠷ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠪᠠ᠃      ᠡᠨᠡ ᠬᠤᠭᠤᠴᠠᠭᠠᠨ ᠳᠤ᠂ ᠸᠠᠩ ᠬᠤᠢ ᠢᠦᠢ ᠨᠡᠷ ᠤᠷᠢᠳ ᠬᠤᠵᠢᠳ ᠳ᠋ᠧᠯᠢᠷ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠯᠢᠩ ᠶᠦᠨ ᠪᠦᠯᠦᠭᠯᠡᠯ ᠢ ᠰᠢᠨᠵᠢᠯᠡᠨ ᠪᠠᠶᠢᠴᠠᠭᠠᠪᠠ᠃ ᠲᠢᠶᠠᠨ ᠸᠠ ᠤᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠶᠠᠩ ᠭᠤᠸᠠᠩ ᠰᠠᠷᠭᠠᠢ ᠦᠵᠦᠮ ᠤᠨ ᠬᠦᠷᠢᠶᠡᠯᠡᠩ᠂ ᠳ᠋ᠧᠯᠢᠷ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠬᠤᠸᠠ ᠸᠥ᠋ ᠤᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ ᠯᠢᠩ ᠶᠦᠨ ᠪᠦᠯᠦᠭᠯᠡᠯ ᠤᠨ ᠲᠥᠪ ᠤᠨ ᠲᠣᠭᠤᠭᠠᠨ ᠭᠡᠷ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠰᠣᠶᠣᠯ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ᠂ ᠡᠵᠡᠩᠨᠡᠯᠲᠡ ᠶᠢᠨ ᠵᠠᠭᠪᠤᠷ᠂ ᠠᠵᠤ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠢᠩ ᠡᡁᠧ ᠶᠢᠨ ᠬᠥᠭᠵᠢᠯᠲᠡ ᠶᠢᠨ ᠳᠠᠪᠠᠭᠤᠯᠢᠭ ᠪᠣᠯᠤᠨ ᠠᠷᠠᠯᠵᠢᠶᠠᠴᠢᠨ ᠤᠷᠢᠬᠤ ᠰᠠᠨᠠᠭ᠎ᠠ ᠶᠢ ᠪᠦᠬᠦ ᠲᠠᠯ᠎ᠠ ᠪᠠᠷ ᠲᠠᠨᠢᠯᠴᠠᠭᠤᠯᠬᠤ ᠶᠢᠨ ᠬᠠᠮᠲᠤ ᠤᠯᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠤᠷᠢᠳᠴᠢᠯᠠᠨ ᠬᠢᠭᠰᠡᠨ ᠨᠣᠭᠤᠭ᠎ᠠ ᠪᠣᠯᠪᠠᠰᠤᠷᠠᠭᠤᠯᠬᠤ ᠪᠠ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠸᠠᠩ ᠬᠤᠢ ᠢᠦᠢ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠬᠥᠷᠥᠰᠥ ᠰᠢᠷᠣᠢ ᠶᠢᠨ ᠤᠰᠤᠨ ᠤ ᠴᠢᠨᠠᠷ᠂ ᠠᠭᠤᠷ ᠠᠮᠢᠰᠬᠤᠯ ᠤᠨ ᠬᠦᠢᠳᠡᠨ ᠬᠡᠯᠬᠢᠶ᠎ᠡ ᠵᠡᠷᠭᠡ ᠳᠠᠪᠠᠭᠤᠯᠢᠭ ᠲᠠᠭᠠᠨ ᠲᠦᠰᠢᠭᠯᠡᠵᠦ᠂ ᠲᠦᠬᠦᠭᠡᠷᠦᠮᠵᠢᠲᠦ ᠲᠠᠷᠢᠶᠠᠯᠠᠩ ᠪᠣᠯᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠶᠢ ᠭᠦᠨᠵᠡᠭᠡᠢ ᠬᠡᠷᠡᠭᠵᠢᠭᠦᠯᠵᠦ᠂ ︽ᠲᠥᠪ ᠲᠣᠭᠤᠭᠠᠨ ᠭᠡᠷ︾ ᠤᠨ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ ᠪᠦᠷᠢᠨᠰᠢᠬᠦᠯᠵᠡᠢ᠃ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠨᠢ ᠲᠡᠷᠢᠭᠦᠨ ᠤ ᠠᠵᠢᠯ ᠤᠨ ᠲᠤᠷᠰᠢᠯᠭ᠎ᠠ ᠶᠢ ᠰᠤᠷᠤᠯᠴᠠᠨ ᠲᠤᠯᠢᠳᠠᠬᠤ ᠠᠴᠠ ᠭᠠᠳᠠᠨ᠎ᠠ᠂ ᠨᠡᠩ ᠴᠤ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠨᠡᠶᠢᠯᠡᠯᠲᠡ ᠶᠢᠨ ᠴᠡᠭ ᠢ ᠡᠷᠢᠯᠬᠢᠯᠡᠬᠦ ᠶᠢᠨ ᠲᠥᠯᠥᠭᠡ ᠶᠤᠮ᠂ ᠡᠯ᠎ᠡ ᠠᠵᠤ ᠠᠬᠤᠶᠢᠯᠠᠯ ᠤᠨ ᠬᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠣᠳᠣᠬᠢᠴᠢᠯᠠᠯᠲᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠂ ᠤᠷᠢᠳᠴᠢᠯᠠᠨ ᠬᠢᠭᠰᠡᠨ ᠨᠣᠭᠤᠭ᠎ᠠ ᠶᠢᠨ ᠬᠥᠭᠵᠢᠯᠲᠡ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠬᠦ ᠶᠢ ᠬᠦᠰᠡᠵᠦ ᠪᠠᠶᠢᠨ᠎ᠠ᠃ ᠠᠵᠤ ᠠᠬᠤᠶᠢᠯᠠᠯᠲᠠᠨ᠂ ᠰᠢᠩ ᠡᡁᠧ ᠰᠢᠶᠠᠨ ᠤ ᠴᠡᠪᠡᠷ ᠨᠣᠭᠤᠭ᠎ᠠ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠰᠠᠭᠤᠷᠢ ᠪᠠᠲᠤᠲᠠᠢ᠂ ᠠᠵᠤ ᠦᠢᠯᠡᠰ ᠤᠨ ᠪᠠᠶᠢᠷᠢᠰᠢᠯ ᠵᠣᠬᠢᠰᠲᠠᠢ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠴᠢᠨᠠᠭᠰᠢᠳᠠ ᠠᠭᠤᠳᠠᠯᠤᠨ᠎ᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠡᠷᠲᠡᠬᠡᠨ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3