︽ᠰᠢᠩ ᠾᠧ ᠰᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠪᠢᠴᠢᠭ ᠮᠠᠲ᠋ᠧᠷᠢᠶᠠᠯ  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/26
     ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠰᠢᠩ ᠾᠧ ᠰᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ  ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾᠎ ᠶᠢᠨ ᠮᠡᠳᠡᠭᠳᠡᠯ ︵ᠳᠣᠷᠣᠭᠰᠢ ︽ᠲᠣᠳᠣᠷᠬᠠᠶ ᠬᠠᠭᠤᠳᠠᠰᠤ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ︽ᠲᠣᠳᠣᠷᠬᠠᠶ ᠬᠠᠭᠤᠳᠠᠰᠤ︾᠎ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠃      ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠦᠨᠳᠦᠰᠦᠯᠡᠯ      ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ︽ᠬᠠᠷᠢᠶ᠎ᠠ ᠣᠷᠣᠨ ᠤ ᠬᠠᠮᠢᠶᠠᠷᠤᠯᠲᠠ︾᠎ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠯᠢ ᠶᠢᠨ ᠵᠠᠭᠠᠭ ᠲᠣᠳᠣᠷᠬᠠᠶ᠂ ᠠᠵᠢᠯ ᠤᠨ ᠬᠤᠪᠢᠶᠠᠷᠢᠯᠠᠯ ᠵᠣᠬᠢᠰᠲᠠᠶ᠂ ᠡᠷᠬᠡ ᠬᠠᠷᠢᠭᠤᠴᠠᠯᠭ᠎ᠠ ᠨᠢᠭᠡᠳᠦᠯᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠠᠬᠢᠭᠤᠯᠵᠤ᠂ ︽ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠥᠷ ᠮᠠᠰᠢᠨ ᠣᠷᠣᠨ ᠠᠯᠪᠠᠨ ᠲᠠᠷᠬᠠᠭᠠᠭᠰᠠᠨ ︹ 2022 ︺ 153 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ︾᠎ ᠢᠶᠠᠷ ᠯᠠᠪᠯᠠᠯᠲᠠ ᠪᠣᠯᠭᠠᠵᠤ᠂ ᠮᠠᠨ ᠤ ᠰᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ᠃      ᠬᠤᠶᠠᠷ᠂ ᠠᠴᠢ ᠬᠤᠯᠪᠣᠭᠳᠠᠯ ᠪᠥᠬᠦᠶ ᠬᠠᠷᠠᠯᠲᠠ ᠶᠢ ᠨᠡᠶᠢᠲᠡᠯᠡᠨ᠎ᠡ      ᠣᠷᠳᠣ ᠬᠤᠭᠤᠴᠠᠭᠠᠨ ᠤ ᠲᠤᠷᠰᠢ᠂ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾᠎ ᠨᠢ ᠨᠢᠭᠡ ᠵᠦᠢᠯ ᠤᠨ ᠠᠵᠢᠯ ᠤᠨ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠣᠯᠪᠠᠴᠤ ᠵᠠᠷᠢᠮ ᠭᠠᠵᠠᠷ ᠣᠷᠣᠨ ᠳᠤ ᠪᠠᠰᠠ ᠳᠥᠭᠦᠮᠬᠡᠨ ᠢᠶᠠᠷ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾ ᠨᠡᠷ᠎ᠡ ᠪᠠᠷ ᠬᠠᠷᠢᠭᠤᠴᠠᠯᠭ᠎ᠠ ᠶᠢ ᠱᠠᠲᠤ ᠱᠠᠲᠤ ᠪᠠᠷ ᠳᠣᠷᠣᠭᠰᠢ ᠰᠢᠯᠵᠢᠭᠦᠯᠬᠦ ᠠᠰᠠᠭᠤᠳᠠᠯ ᠣᠷᠣᠰᠢᠵᠤ᠂ ᠦᠨᠳᠦᠰᠦᠨ ᠱᠠᠲᠤᠨ ᠤ ᠬᠦᠨᠳᠦ ᠳᠠᠷᠤᠭᠠᠰᠤ ᠶᠢ ᠳᠠᠭᠠᠭᠠᠬᠤ ᠥᠬᠡᠶ ᠪᠣᠯᠵᠣ᠂ ᠺᠠᠳ᠋ᠷ ᠣᠯᠠᠨ ᠲᠦᠮᠡᠨ ᠤ ᠲᠤᠰᠬᠠᠯ ᠴᠢᠩᠭ᠎ᠠ ᠪᠠᠶᠢᠨ᠎ᠠ᠃ ᠲᠣᠰ ︽ᠨᠠᠷᠢᠨ ᠲᠠᠩᠰᠠ︾᠎ ᠶᠢ ᠨᠡᠶᠢᠲᠡᠯᠡᠭᠰᠡᠨ ᠨᠢ ᠰᠢᠶᠠᠨ ᠰᠢᠶᠠᠩ ᠬᠤᠶᠠᠷ ᠱᠠᠲᠤᠨ ᠤ ᠬᠠᠮᠲᠤ ᠪᠠᠷ ᠬᠠᠮᠵᠢᠯᠴᠠᠨ ᠪᠡᠶᠡᠯᠡᠭᠦᠯᠬᠦ ᠴᠢᠬᠤᠯᠠᠲᠠᠶ ᠵᠦᠢᠯᠡᠰ ᠲᠤ ᠠᠵᠢᠯ ᠤᠨ ᠡᠭᠦᠷᠭᠡ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠰᠢᠶᠠᠨ ᠤ ᠱᠠᠲᠤᠨ ᠤ ᠵᠠᠰᠠᠭ ᠤᠨ ᠣᠷᠳᠣᠨ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶ ᠪᠣᠯᠭᠠᠵᠤ᠂ ︽ᠬᠠᠷᠢᠶ᠎ᠠ ᠣᠷᠣᠨ ᠤ ᠬᠠᠮᠢᠶᠠᠷᠤᠯᠲᠠ︾᠎ ᠶᠢᠨ ᠲᠣᠭᠲᠠᠴᠠ ᠪᠠ ᠦᠶ᠋ᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠣᠯᠬᠤᠷ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠭᠤᠷᠪᠠ᠂ ᠭᠤᠣᠯ ᠠᠭᠤᠯᠭ᠎ᠠ      ︽ᠨᠠᠷᠢᠨ ᠲᠠᠩᠰᠠ︾᠎ ᠳᠤ ᠨᠡᠶᠢᠲᠡ 6 ᠲᠥᠷᠥᠯ ᠤᠨ 221 ᠵᠦᠢᠯ ᠪᠣᠶ᠂ ᠡᠭᠦᠨ ᠳᠤ ᠬᠤᠲᠠ ᠬᠥᠳᠡᠭᠡ ᠶᠢᠨ ᠬᠠᠮᠢᠶᠠᠷᠤᠯᠲᠠ ᠶᠢᠨ ᠬᠦᠷᠢᠶᠡᠨ ᠤ 38  ᠵᠦᠢᠯ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ 35 ᠵᠦᠢᠯ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠤ 59 ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶᠡᠨ ᠤ 16 ᠵᠦᠢᠯ᠂ ᠣᠶ ᠰᠢᠭᠤᠶ ᠡᠪᠡᠰᠦ ᠪᠡᠯᠴᠢᠭᠡᠷ ᠤᠨ ᠬᠦᠷᠢᠶᠡᠨ ᠤ 48 ᠵᠦᠢᠯ᠂ ᠠᠮᠢ ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠤ 25  ᠵᠦᠢᠯ ᠪᠣᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3