ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠰᠢᠩ ᠾᠧ ᠰᠢᠶᠠᠨ ᠤ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠶᠢᠨ ᠮᠡᠳᠡᠭᠳᠡᠯ ︵ᠳᠣᠷᠣᠭᠰᠢ ︽ᠲᠣᠳᠣᠷᠬᠠᠶ ᠬᠠᠭᠤᠳᠠᠰᠤ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ︽ᠲᠣᠳᠣᠷᠬᠠᠶ ᠬᠠᠭᠤᠳᠠᠰᠤ︾ ᠶᠢᠨ | ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ | ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠦᠨᠳᠦᠰᠦᠯᠡᠯ | ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠡᠭᠦᠷᠭᠡ | ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ︽ᠬᠠᠷᠢᠶ᠎ᠠ | ᠣᠷᠣᠨ ᠤ ᠬᠠᠮᠢᠶᠠᠷᠤᠯᠲᠠ︾ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠯᠢ ᠶᠢᠨ ᠵᠠᠭᠠᠭ ᠲᠣᠳᠣᠷᠬᠠᠶ᠂ | ᠠᠵᠢᠯ ᠤᠨ ᠬᠤᠪᠢᠶᠠᠷᠢᠯᠠᠯ ᠵᠣᠬᠢᠰᠲᠠᠶ᠂ ᠡᠷᠬᠡ ᠬᠠᠷᠢᠭᠤᠴᠠᠯᠭ᠎ᠠ ᠨᠢᠭᠡᠳᠦᠯᠲᠡᠶ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠠᠬᠢᠭᠤᠯᠵᠤ᠂ ︽ᠬᠤᠰᠢᠭᠤ ᠰᠢᠶᠠᠨ ︵ | ᠬᠤᠲᠠ᠂ ᠲᠣᠭᠤᠷᠢᠭ︶ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠵᠢᠯᠣᠭᠤᠳᠬᠤ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠥᠷ ᠮᠠᠰᠢᠨ ᠣᠷᠣᠨ ᠠᠯᠪᠠᠨ ᠲᠠᠷᠬᠠᠭᠠᠭᠰᠠᠨ | ︹ 2022 ︺ 153 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ ᠶᠢᠨ | ᠣᠷᠣᠨ ᠲᠤᠭ᠎ᠠ ᠶᠢᠨ ᠠᠯᠪᠠᠨ ᠬᠡᠷ ᠠᠴᠠ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤᠪᠠᠷ | ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ︾ ᠢᠶᠠᠷ ᠯᠠᠪᠯᠠᠯᠲᠠ | ᠪᠣᠯᠭᠠᠵᠤ᠂ ᠮᠠᠨ ᠤ ᠰᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ ᠬᠠᠮᠲᠤᠪᠠᠷ | ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ᠃ | ᠬᠤᠶᠠᠷ᠂ ᠠᠴᠢ ᠬᠤᠯᠪᠣᠭᠳᠠᠯ ᠪᠥᠬᠦᠶ ᠬᠠᠷᠠᠯᠲᠠ ᠶᠢ ᠨᠡᠶᠢᠲᠡᠯᠡᠨ᠎ᠡ | ᠣᠷᠳᠣ ᠬᠤᠭᠤᠴᠠᠭᠠᠨ ᠤ ᠲᠤᠷᠰᠢ᠂ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾ ᠨᠢ ᠨᠢᠭᠡ ᠵᠦᠢᠯ ᠤᠨ | ᠠᠵᠢᠯ ᠤᠨ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ | ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠣᠯᠪᠠᠴᠤ ᠵᠠᠷᠢᠮ | ᠭᠠᠵᠠᠷ ᠣᠷᠣᠨ ᠳᠤ ᠪᠠᠰᠠ ᠳᠥᠭᠦᠮᠬᠡᠨ ᠢᠶᠠᠷ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾ ᠨᠡᠷ᠎ᠡ ᠪᠠᠷ | ᠬᠠᠷᠢᠭᠤᠴᠠᠯᠭ᠎ᠠ ᠶᠢ ᠱᠠᠲᠤ ᠱᠠᠲᠤ ᠪᠠᠷ ᠳᠣᠷᠣᠭᠰᠢ ᠰᠢᠯᠵᠢᠭᠦᠯᠬᠦ ᠠᠰᠠᠭᠤᠳᠠᠯ ᠣᠷᠣᠰᠢᠵᠤ᠂ ᠦᠨᠳᠦᠰᠦᠨ ᠱᠠᠲᠤᠨ ᠤ | ᠬᠦᠨᠳᠦ ᠳᠠᠷᠤᠭᠠᠰᠤ ᠶᠢ ᠳᠠᠭᠠᠭᠠᠬᠤ ᠥᠬᠡᠶ ᠪᠣᠯᠵᠣ᠂ ᠺᠠᠳ᠋ᠷ ᠣᠯᠠᠨ ᠲᠦᠮᠡᠨ ᠤ ᠲᠤᠰᠬᠠᠯ ᠴᠢᠩᠭ᠎ᠠ ᠪᠠᠶᠢᠨ᠎ᠠ᠃ ᠲᠣᠰ | ︽ᠨᠠᠷᠢᠨ ᠲᠠᠩᠰᠠ︾ ᠶᠢ ᠨᠡᠶᠢᠲᠡᠯᠡᠭᠰᠡᠨ ᠨᠢ ᠰᠢᠶᠠᠨ ᠰᠢᠶᠠᠩ ᠬᠤᠶᠠᠷ ᠱᠠᠲᠤᠨ ᠤ ᠬᠠᠮᠲᠤ ᠪᠠᠷ ᠬᠠᠮᠵᠢᠯᠴᠠᠨ | ᠪᠡᠶᠡᠯᠡᠭᠦᠯᠬᠦ ᠴᠢᠬᠤᠯᠠᠲᠠᠶ ᠵᠦᠢᠯᠡᠰ ᠲᠤ ᠠᠵᠢᠯ ᠤᠨ ᠡᠭᠦᠷᠭᠡ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ | ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠰᠢᠶᠠᠨ ᠤ ᠱᠠᠲᠤᠨ ᠤ ᠵᠠᠰᠠᠭ ᠤᠨ ᠣᠷᠳᠣᠨ ᠵᠢᠴᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ | ᠬᠠᠷᠢᠴᠠᠭ᠎ᠠ ᠶᠢ ᠲᠣᠳᠣᠷᠬᠠᠶ ᠪᠣᠯᠭᠠᠵᠤ᠂ ︽ᠬᠠᠷᠢᠶ᠎ᠠ ᠣᠷᠣᠨ ᠤ ᠬᠠᠮᠢᠶᠠᠷᠤᠯᠲᠠ︾ ᠶᠢᠨ ᠲᠣᠭᠲᠠᠴᠠ ᠪᠠ ᠦᠶ᠋ᠯᠡ | ᠠᠵᠢᠯᠯᠠᠭ᠎ᠠ ᠶᠢ ᠵᠢᠷᠤᠮᠵᠢᠭᠤᠯᠤᠭᠰᠠᠨ ᠪᠣᠯᠬᠤᠷ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ | ᠳᠥᠯᠭᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠭᠤᠷᠪᠠ᠂ ᠭᠤᠣᠯ ᠠᠭᠤᠯᠭ᠎ᠠ | ︽ᠨᠠᠷᠢᠨ ᠲᠠᠩᠰᠠ︾ ᠳᠤ ᠨᠡᠶᠢᠲᠡ 6 ᠲᠥᠷᠥᠯ ᠤᠨ 221 ᠵᠦᠢᠯ ᠪᠣᠶ᠂ ᠡᠭᠦᠨ ᠳᠤ ᠬᠤᠲᠠ ᠬᠥᠳᠡᠭᠡ ᠶᠢᠨ | ᠬᠠᠮᠢᠶᠠᠷᠤᠯᠲᠠ ᠶᠢᠨ ᠬᠦᠷᠢᠶᠡᠨ ᠤ 38 ᠵᠦᠢᠯ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ 35 ᠵᠦᠢᠯ᠂ | ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠤ 59 ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠬᠦᠷᠢᠶᠡᠨ ᠤ 16 ᠵᠦᠢᠯ᠂ ᠣᠶ ᠰᠢᠭᠤᠶ ᠡᠪᠡᠰᠦ ᠪᠡᠯᠴᠢᠭᠡᠷ ᠤᠨ ᠬᠦᠷᠢᠶᠡᠨ ᠤ 48 ᠵᠦᠢᠯ᠂ ᠠᠮᠢ ᠠᠬᠤᠶ ᠶᠢᠨ | ᠣᠷᠴᠢᠨ ᠨᠥᠬᠦᠴᠡᠯ ᠤᠨ ᠬᠦᠷᠢᠶᠡᠨ ᠤ 25 ᠵᠦᠢᠯ ᠪᠣᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |