ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠡᠷᠴᠢᠮᠵᠢᠭᠦᠯᠦᠨ ᠲᠠᠰ ᠳᠡᠪᠰᠢᠭᠦᠯᠵᠦ ᠥᠭᠡᠷᠡᠴᠢᠯᠡᠬᠦ ᠮᠡᠳᠡᠭᠳᠡᠯ
ᠨᠡᠶᠢᠲᠡᠯᠡᠭᠰᠡᠨ ᠴᠠᠭ᠄
2023/5/29
     ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠡᠷᠴᠢᠮᠵᠢᠭᠦᠯᠬᠦ ᠱᠠᠭᠠᠷᠳᠠᠯᠭ᠎ᠠ ᠶᠣᠰᠣᠭᠠᠷ᠂ ᠣᠶᠢᠷ᠎ᠠ ᠳᠤ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢ ᠥᠭᠡᠷᠡᠴᠢᠯᠡᠨ ᠲᠠᠰ ᠳᠡᠪᠰᠢᠭᠦᠯᠵᠦ᠂ ᠰᠢᠯᠢᠳᠡᠭᠵᠢᠭᠦᠯᠦᠭᠰᠡᠨ ᠤ ᠳᠠᠷᠠᠭᠠᠬᠢ ᠰᠦᠯᠵᠢᠶᠡᠨ ᠤ ᠥᠷᠲᠡᠭᠡ ᠶᠢᠨ ᠪᠦᠬᠦᠯᠢ ᠴᠣᠭᠴᠠ ᠶᠢᠨ ᠬᠡᠪ ᠨᠠᠮᠪᠠ᠂ ᠠᠭᠤᠯᠭ᠎ᠠ ᠶᠢᠨ ᠦᠵᠡᠭᠦᠯᠦᠯᠭᠡ᠂ ᠪᠤᠯᠤᠩ ᠤᠨ ᠲᠣᠬᠢᠷᠠᠭᠤᠯᠤᠯᠲᠠ᠂ ᠴᠢᠳᠠᠮᠵᠢ ᠶᠢᠨ ᠬᠡᠷᠡᠭᠯᠡᠯᠲᠡ ᠵᠡᠷᠭᠡ ᠲᠠᠯ᠎ᠠ ᠪᠠᠷ ᠴᠥᠮ ᠳᠡᠭᠡᠭᠰᠢᠯᠡᠭᠦᠯᠵᠦ᠂ ᠤᠤᠯ ᠤᠨ ᠰᠦᠯᠵᠢᠶᠡᠨ ᠤ ᠬᠠᠶ᠋ᠢᠭ ᠢ ᠬᠤᠪᠢᠷᠠᠭᠤᠯᠬᠤ ᠥᠬᠡᠶ᠃      ᠰᠢᠨ᠎ᠡ ᠰᠦᠯᠵᠢᠶᠡᠨ ᠤ ᠥᠷᠲᠡᠭᠡ ᠶᠢ ᠲᠤᠷᠰᠢᠨ ᠠᠵᠢᠯᠯᠠᠭᠤᠯᠤᠭᠰᠠᠨ ᠤ ᠳᠠᠷᠠᠭ᠎ᠠ᠂ ᠵᠠᠭᠠᠭ ᠨᠢᠭᠤᠷ᠂ ᠪᠤᠯᠤᠩ᠂ ᠮᠡᠳᠡᠭᠡ ᠵᠠᠩᠭᠢ ᠵᠡᠷᠭᠡ ᠨᠢ ᠶᠠᠭ ᠠᠯᠬᠤᠮ ᠠᠯᠬᠤᠮ ᠢᠶᠠᠷ ᠲᠡᠭᠦᠯᠳᠡᠷᠵᠢᠵᠦ᠂ ᠲᠣᠭᠲᠠᠭᠰᠠᠨ ᠴᠠᠭ ᠥᠬᠡᠶ ᠪᠠᠷ ᠴᠢᠳᠠᠮᠵᠢ ᠶᠢᠨ ᠲᠣᠬᠢᠷᠠᠭᠤᠯᠤᠯᠲᠠ ᠬᠢᠵᠦ᠂ ᠰᠦᠯᠵᠢᠶᠡᠨ ᠤ ᠥᠷᠲᠡᠭᠡ ᠶᠢ ᠬᠡᠪ ᠤᠨ ᠪᠠᠶᠢᠳᠠᠯ ᠢᠶᠠᠷ ᠰᠤᠷᠪᠤᠯᠵᠢᠯᠠᠬᠤ ᠶᠢᠨ ᠠᠷᠭ᠎ᠠ ᠥᠬᠡᠶ ᠪᠣᠯᠭᠠᠵᠤ ᠮᠡᠳᠡᠨ᠎ᠡ᠂ ᠡᠭᠦᠨ ᠠᠴᠠ ᠪᠣᠯᠵᠣ ᠲᠠᠨ ᠳᠤ ᠶᠠᠷᠰᠢᠭ ᠲᠦᠪᠡᠭ ᠤᠴᠠᠷᠠᠭᠤᠯᠤᠭᠰᠠᠨ ᠢ ᠠᠭᠤᠴᠢᠯᠠᠬᠤ ᠶᠢ ᠬᠦᠰᠡᠵᠦ ᠪᠠᠶᠢᠨ᠎ᠠ︕       ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠦᠷᠳᠡᠭᠡ ᠨᠢ ᠬᠡᠪᠯᠡᠯ ᠢ ᠥᠭᠡᠷᠡᠴᠢᠯᠡᠨ ᠲᠡᠰ ᠳᠡᠪᠰᠢᠭᠦᠯᠬᠦ ᠠᠵᠢᠯ ᠢ ᠲᠦᠷᠭᠡᠨ ᠪᠡᠶᠡᠯᠡᠭᠦᠯᠵᠦ᠂ ᠤᠯᠠᠨ ᠳᠤ ᠠᠭᠤᠯᠭ᠎ᠠ ᠪᠠᠷ ᠨᠡᠩ ᠪᠠᠶᠠᠯᠢᠭ᠂ ᠨᠢᠭᠤᠷ ᠨᠢᠭᠤᠷ ᠢᠶᠠᠷ ᠨᠡᠩ ᠴᠡᠪᠡᠷ ᠴᠡᠮᠴᠡᠭᠡᠷ᠂ ᠴᠢᠳᠠᠮᠵᠢ ᠪᠠᠷ ᠨᠡᠩ ᠪᠦᠷᠢᠨ ᠲᠡᠭᠦᠯᠳᠡᠷ ᠰᠦᠯᠵᠢᠶᠡᠨ ᠤ ᠦᠷᠳᠡᠭᠡ ᠶᠢ ᠦᠵᠡᠭᠦᠯᠬᠦ ᠪᠣᠯᠤᠨ᠎ᠠ︕      ᠤᠯᠠᠨ ᠤ ᠤᠷᠳᠤ ᠬᠤᠭᠤᠴᠠᠭᠠᠨ ᠤ ᠲᠤᠷᠰᠢ ᠰ᠊ ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠥᠷᠲᠡᠭᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕      ᠬᠠᠷᠢᠯᠴᠠᠬᠤ ᠤᠲᠠᠰᠤ᠄ 0474 — 7216993                                     ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                               2023 ᠣᠨ ᠤ 5 ᠰᠠᠷ᠎ᠠ ᠶᠢᠨ 29  ᠎ ᠤ ᠡᠳᠦᠷ                                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3