ᠬᠥᠬᠡᠮᠳᠦᠭ ᠨᠣᠭᠤᠭᠠᠨ ᠠᠭᠤᠯᠠ ᠤᠰᠤ ᠨᠣᠭᠤᠭᠠᠨ ᠦᠩᠭᠡ ᠶᠢᠨ ᠠᠮᠲᠠᠲᠤ ᠢᠳᠡᠭᠡᠨ ᠢ ᠪᠤᠶᠢᠵᠢᠭᠤᠯᠤᠨ᠎ᠠ | — ᠰᠢᠩ ᠡᡁᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ︽ᠬᠤᠷᠢᠨ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ︾ ᠤᠨ ᠠᠯᠳᠠᠨ ᠱᠠᠩᠨᠠᠯ ᠢ ᠣᠯᠤᠭᠰᠠᠨ | ᠬᠠᠪᠤᠷ ᠤᠨ ᠲᠠᠷᠢᠶᠠᠯᠠᠭ᠎ᠠ ᠶᠢᠨ ᠴᠠᠭ ᠦᠶ᠎ᠡ ᠳᠤ᠂ ᠤᠯᠠᠭᠠᠨᠴᠠᠪ ᠤᠨ ᠭᠠᠵᠠᠷ ᠪᠣᠯᠭᠠᠨ ᠳᠤ ᠰᠢᠨ᠎ᠡ ᠠᠮᠢᠯᠠᠯ ᠪᠠ ᠬᠦᠰᠡᠯ | ᠡᠷᠡᠮᠡᠯᠵᠡᠯ ᠢᠶᠠᠷ ᠪᠢᠯᠬᠠᠨ᠎ᠠ᠃ ᠤᠢᠢᠷ᠎ᠠ ᠳᠤ᠂ ︽ᠰᠢᠩ ᠡᡁᠧ ᠰᠢᠶᠠᠨ ᠤ ᠶᠠᠮᠠ ᠶᠢᠨ ᠦᠷ᠎ᠡ ᠶᠢᠨ ᠲᠤᠰᠤ ᠪᠣᠯᠤᠨ | ᠨᠠᠬᠢᠶ᠎ᠠ ᠶᠢ ᠣᠷᠣᠯᠠᠨ ᠡᠵᠡᠩᠨᠡᠬᠦ ᠨᠠᠷᠢᠮᠤ ᠠᠮᠤ ︿ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠪᠣᠬᠢᠷᠲᠤᠯ ᠦᠭᠡᠢ ᠢᠳᠡᠭᠡᠨ ᠤ ᠦᠵᠡᠰᠬᠦᠯᠡᠩ﹀ ᠤᠨ ᠠᠯᠳᠠᠨ ᠱᠠᠩᠨᠠᠯ︾ ᠢ ᠬᠦᠷᠳᠡᠭᠰᠡᠨ ᠪᠠᠶᠠᠷ ᠤᠨ ᠴᠢᠮᠡᠭᠡ ᠨᠢ | ᠨᠡᠩ ᠴᠤ ᠰᠢᠩ ᠡᡁᠧ ᠰᠢᠶᠠᠨ ᠤ ᠪᠣᠬᠢᠷᠲᠤᠯ ᠦᠭᠡᠢ ᠲᠠᠷᠢᠶᠠᠯᠠᠩ ᠤᠨ ᠠᠵᠤ ᠠᠬᠤᠢ ᠶᠢ ᠬᠥᠭᠵᠢᠭᠦᠯᠬᠦ ᠰᠢᠨ᠎ᠡ | ᠬᠦᠰᠡᠯ ᠡᠷᠡᠮᠡᠯᠵᠡᠯ ᠢ ᠬᠠᠩᠭᠢᠨᠠᠭᠤᠯᠪᠠ᠃ | ᠣᠶᠢᠷ᠎ᠠ ᠶᠢᠨ ᠵᠢᠯ ᠳᠤ᠂ ᠰᠢᠩ ᠾᠧ ᠰᠢᠶᠠᠨ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ | ᠪᠠᠶᠠᠯᠢᠭ᠂ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠠᠭᠠᠨ ᠰᠠᠭᠤᠷᠢᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠠᠬᠢᠭᠤᠯᠵᠤ᠂ ᠪᠣᠬᠢᠷᠲᠤᠯ ᠥᠬᠡᠶ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠲᠠᠷᠢᠮᠠᠯ ᠤᠨ ᠡᠭᠦᠯᠳᠡᠷ ᠢ | ᠰᠠᠶᠢᠵᠢᠷᠠᠭᠤᠯᠬᠤ᠂ ᠲᠠᠷᠢᠶᠠᠯᠠᠬᠤ ᠲᠦᠷᠢᠮ ᠢ ᠥᠭᠡᠷᠡᠴᠢᠯᠡᠬᠦ᠂ ᠳᠠᠷᠢᠬᠤ ᠮᠡᠷᠭᠡᠵᠢᠯ ᠢ ᠰᠠᠶᠢᠵᠢᠷᠠᠭᠤᠯᠬᠤ᠂ ᠲᠠᠷᠢᠮᠠᠯ ᠤᠨ | ᠪᠦᠲᠦᠴᠡ ᠶᠢ ᠬᠤᠪᠢᠷᠠᠭᠤᠯᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠠᠶᠢᠴᠢᠯᠠᠵᠤ᠂ | ᠰᠠᠶᠢᠨ ᠲᠠᠷᠢᠶᠠᠨ ᠭᠠᠵᠠᠷ᠂ ᠰᠠᠶᠢᠨ ᠬᠥᠷᠥᠰᠥ᠂ ᠰᠠᠶᠢᠨ ᠡᠭᠦᠯᠳᠡᠷ᠂ ᠰᠠᠶᠢᠨ ᠲᠦᠷᠢᠮ᠂ ᠰᠠᠶᠢᠨ ᠠᠷᠭ᠎ᠠ ᠶᠢ ᠢᠵᠢ | ᠪᠥᠷᠢᠳᠦᠭᠦᠯᠬᠦ ᠶᠢ ᠪᠡᠶᠡᠯᠡᠭᠦᠯᠪᠡ᠃ 2022 ᠣᠨ ᠳᠤ ᠰᠢᠩ ᠡᡁᠧ ᠰᠢᠶᠠᠨ ᠤ ᠰᠢᠯᠢᠳᠡᠭ ᠡᠭᠦᠯᠳᠡᠷ ᠤᠨ | ᠪᠦᠷᠬᠦᠴᠡ ᠶᠢᠨ ᠨᠤᠷᠮ᠎ᠠ 95% ᠠᠴᠠ ᠳᠡᠭᠡᠭᠰᠢ ᠳᠤ ᠬᠦᠷᠴᠦ᠂ ᠭᠠᠷᠤᠯᠲᠠ 2.4 ᠳ᠋ᠦᠩᠰᠢᠭᠤᠷ ᠵᠢᠩ ᠠᠴᠠ | ᠳᠡᠭᠡᠭᠰᠢ ᠳᠤ ᠬᠦᠷᠴᠦ᠂ 13 ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ 9 ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ᠂ 1 ᠭᠠᠵᠠᠷ ᠵᠦᠢ ᠶᠢᠨ ᠪᠠᠷᠢᠮᠵᠢᠶᠠᠲᠤ ᠪᠦᠲᠦᠭᠡᠭᠳᠡᠬᠦᠨ ᠪᠣᠯᠤᠨ ᠪᠦᠬᠦ ᠤᠯᠤᠰ ᠤᠨ ᠨᠡᠷᠡᠳᠦ ᠣᠨᠴᠠ | ᠰᠢᠯᠢᠳᠡᠭ ᠰᠢᠨ᠎ᠡ ᠪᠦᠲᠦᠭᠡᠭᠳᠡᠬᠦᠨ 7 ᠪᠣᠯᠪᠠ᠃ 2023 ᠣᠨ ᠤ ᠲᠥᠯᠥᠪᠯᠡᠭᠡ ᠪᠠᠷ ᠪᠦᠸᠧᠼᠠᠶ ᠨᠣᠭᠤᠭ᠎ᠠ᠂ | ᠴᠠᠭᠠᠨ ᠯᠤᠤᠪᠠᠩ᠂ ᠪᠥᠭᠡᠷᠡᠩᠬᠡᠶ ᠰᠣᠩᠭᠢᠨ᠎ᠠ᠂ ᠬᠦᠬᠡ ᠴᠡᠴᠡᠭ᠂ ᠴᠠᠭᠠᠨ ᠨᠣᠭᠤᠭ᠎ᠠ ᠵᠡᠷᠭᠡ 5 ᠨᠣᠭᠤᠭᠠᠨ | ᠦᠩᠭᠡ ᠲᠠᠢ ᠢᠳᠡᠰᠢᠨ ᠨᠣᠭᠤᠭ᠎ᠠ᠂ ᠨᠠᠷᠢᠮᠤ ᠪᠣᠯᠤᠨ ᠬᠤᠮᠠ ᠵᠡᠷᠭᠡ 2 ᠭᠠᠵᠠᠷ ᠵᠦᠢ ᠶᠢᠨ ᠪᠡᠯᠭᠡ ᠳᠡᠮᠳᠡᠭ ᠲᠠᠢ | ᠪᠦᠲᠦᠭᠡᠭᠳᠡᠬᠦᠨ ᠵᠢᠴᠢ ᠰᠢᠨ᠎ᠡ ᠰᠣᠷᠭᠤᠭ ᠡᠷᠳᠡᠨᠢ ᠰᠢᠰᠢ ᠶᠢᠨ ᠨᠡᠷᠡᠳᠦ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠢ | ᠭᠡᠷᠡᠴᠢᠯᠡᠵᠦ᠂ ᠰᠢᠩ ᠾᠧ ᠰᠢᠶᠠᠨ ᠤ ᠭᠠᠵᠠᠷ ᠵᠦᠢ ᠶᠢᠨ ᠪᠡᠯᠭᠡ ᠳᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠤ | ᠠᠯᠳᠠᠷᠰᠢᠯ᠂ ᠠᠯᠳᠠᠷᠰᠢᠯ ᠪᠣᠯᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ | — ᠪᠠᠶᠢᠭᠠᠯᠢ ᠶᠢᠨ ᠵᠢᠵᠢᠭ ᠠᠭᠤᠯᠠᠨ ᠲᠣᠰᠬᠤᠨ ᠳᠤ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠪᠠ | ᠨᠠᠷᠢᠮᠤ ᠶᠢ ᠣᠷᠣᠯᠠᠨ ᠡᠵᠡᠩᠨᠡᠵᠦ ᠪᠠᠶᠢᠭ᠎ᠠ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠬᠤ ᠰᠢᠶᠦ᠋ᠩ ᠹᠧᠩ | ᠲᠠᠷᠢᠶᠠᠯᠠᠩ ᠳᠤ᠂ ᠪᠠᠶᠢᠭᠠᠯᠢ ᠶᠢᠨ ᠴᠡᠪᠡᠷ ᠨᠣᠭᠤᠭᠠᠨ᠂ ᠣᠷᠭᠠᠨᠢᠭ ᠠᠮᠢ ᠠᠬᠤᠢ ᠶᠢᠨ ᠦᠵᠡᠮᠵᠢ ᠶᠢ ᠬᠠᠷᠠᠵᠤ᠂ | ᠠᠯᠲᠠᠨ ᠰᠢᠷᠭᠠᠯ ᠨᠠᠷᠢᠮᠤ ᠶᠢ ᠭᠠᠷ ᠤᠨ ᠠᠶ᠎ᠠ ᠪᠠᠷ ᠡᠷᠭᠦᠵᠦ᠂ ᠨᠠᠷᠢᠯᠢᠭ ᠬᠠᠭᠤᠷᠠᠢ ᠠᠮᠤ ᠪᠠᠷ ᠪᠢᠯᠬᠠᠮ᠎ᠠ ᠪᠤᠯᠪᠠᠷᠠᠢ᠂ | ᠠᠮᠤ ᠶᠢᠨ ᠦᠨᠦᠷ ᠬᠠᠩᠬᠤᠯᠵᠤ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠠᠮᠤ ᠶᠢᠨ ᠦᠨᠦᠷ ᠬᠠᠩᠬᠤᠯᠵᠤ | ᠪᠠᠶᠢᠯ᠎ᠠ᠃ | ᠰᠢᠩ ᠾᠧ ᠰᠢᠶᠠᠨ ᠤ ᠰᠢᠶᠦ᠋ᠩ ᠹᠧᠩ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠨ ᠤ ᠲᠤᠰᠬᠠᠶ | ᠬᠤᠷᠰᠢᠶ᠎ᠠ ᠭᠤᠣᠯᠳᠠᠭᠤ ᠲᠠᠷᠢᠶᠠᠯᠠᠩ ᠤᠨ ᠳᠠᠷᠢᠵᠤ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠪᠣᠭᠤᠳᠠᠯᠯᠠᠵᠤ ᠪᠣᠷᠣᠯᠠᠭᠤᠯᠬᠤ᠂ ᠵᠠᠬᠢᠶᠠᠯᠠᠭ᠎ᠠ ᠶᠢᠨ ᠬᠡᠯᠪᠡᠷᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ | ᠲᠠᠷᠢᠶᠠᠯᠠᠩ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠰᠤᠷᠪᠤᠯᠵᠢᠯᠠᠭᠴᠢ ᠲᠠᠩ ᠰᠢᠤᠸᠠᠨ ᠪᠥᠸᠧ | ᠰᠡᠭᠦᠳᠡᠷᠯᠡᠪᠡ | ᠨᠠᠷᠢᠮᠤ ᠲᠤᠲᠤᠷᠭ᠎ᠠ ᠶᠢ ᠨᠠᠷᠢᠮᠤ ᠪᠠᠷ ᠣᠷᠣᠯᠠᠭᠤᠯᠬᠤ ᠳᠤ ᠨᠠᠷᠢᠮᠤ ᠨᠢ ᠰᠢᠮ᠎ᠡ ᠲᠡᠵᠢᠭᠡᠯ ᠶᠡᠬᠡᠲᠡᠶ᠂ ᠤᠭᠤᠷᠠᠭ | ᠶᠡᠬᠡᠲᠡᠶ᠂ ᠸᠢᠲ᠋ᠠᠮᠢᠨ ᠶᠡᠬᠡᠲᠡᠶ᠂ ᠲᠡᠮᠦᠷ ᠵᠠᠮ ᠤᠨ ᠴᠠᠶᠢᠷ ᠡᠯᠪᠡᠭ ᠠᠭᠤᠯᠳᠠᠭ᠂ ᠡᠨᠡ ᠨᠢ ᠳᠡᠯᠢᠭᠦᠦ ᠶᠢ | ᠴᠢᠭᠢᠷᠠᠭᠵᠢᠭᠤᠯᠵᠤ᠂ ᠬᠤᠳᠣᠭᠤᠳᠣ ᠶᠢ ᠰᠠᠶᠢᠵᠢᠷᠠᠭᠤᠯᠤᠨ᠂ ᠴᠢᠰᠤ ᠶᠢ ᠲᠥᠯᠥᠵᠢᠭᠦᠯᠵᠦ᠂ ᠤᠶᠤᠨ ᠢ | ᠰᠠᠶᠢᠵᠢᠷᠠᠭᠤᠯᠬᠤ ᠪᠠᠷ ᠪᠠᠷᠠᠬᠤ ᠦᠭᠡᠢ᠂ ᠪᠠᠰᠠ ᠴᠢᠰᠤᠨ ᠳᠠᠷᠤᠯᠲᠠ ᠥᠨᠳᠥᠷ᠂ ᠴᠢᠰᠤᠨ ᠤ ᠥᠭᠡᠬᠦ ᠶᠡᠬᠡᠲᠡᠶ᠂ | ᠴᠢᠰᠤᠨ ᠰᠢᠬᠢᠷ ᠥᠨᠳᠥᠷ ᠵᠡᠷᠭᠡ ᠡᠪᠡᠳᠴᠢᠨ ᠤ ᠢᠯᠡᠷᠡᠯ ᠢ ᠨᠠᠮᠳᠠᠭᠤᠯᠤᠨ᠎ᠠ᠃ ᠰᠢᠶᠦ᠋ᠩ ᠹᠧᠩ ᠬᠥᠳᠡᠭᠡ ᠠᠵᠤ | ᠠᠬᠤᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠨ ᡁᠢ ᠶᠢᠨ ᠲᠠᠨᠢᠯᠴᠠᠭᠤᠯᠤᠭᠰᠠᠨ ᠢᠶᠠᠷ᠂ ᠨᠠᠬᠢᠶ᠎ᠠ ᠶᠢ | ᠣᠷᠣᠯᠠᠨ ᠡᠵᠡᠩᠨᠡᠬᠦ ᠨᠠᠷᠢᠮᠤ ᠠᠮᠤ ᠶᠢᠨ ᠲᠠᠷᠢᠮᠠᠯ ᠤᠨ ᠰᠠᠭᠤᠷᠢᠨ ᠭᠠᠵᠠᠷ ᠨᠢ ᠰᠢᠩ ᠡᡁᠧ ᠰᠢᠶᠠᠨ ᠤ ᠡᠮᠦᠨᠡᠲᠦ | ᠬᠡᠰᠡᠭ ᠤᠨ ᠤᠮᠠᠷᠠᠲᠤ ᠥᠷᠭᠡᠷᠢᠭ ᠤᠨ 41.27 ᠭᠷᠠᠳᠦ᠋ᠰ ᠲᠤ ᠪᠠᠶᠢᠷᠢᠯᠠᠵᠤ᠂ ᠤᠯᠤᠰ ᠤᠨ 4A ᠳᠡᠰ ᠤᠨ | ᠵᠤᠭᠠᠴᠠᠯ ᠤᠨ ᠦᠵᠡᠮᠵᠢ ᠶᠢᠨ ᠣᠷᠣᠨ ᠤ ᠰᠤᠮᠤᠨ ᠠᠭᠤᠯᠠᠨ ᠬᠤᠷᠮᠣᠢ ᠳᠤ ᠪᠠᠶᠢᠷᠢᠯᠠᠵᠤ᠂ ᠳᠡᠯᠡᠬᠡᠢ | ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ᠰᠢᠯᠢᠳᠡᠭ ᠠᠮᠤ ᠪᠤᠳᠠᠭᠠᠨ ᠤ ᠤᠷᠭᠤᠯᠲᠠ ᠳᠤ ᠬᠠᠮᠤᠭ ᠤᠨ ᠲᠣᠬᠢᠷᠠᠮᠵᠢᠲᠠᠢ | ᠰᠢᠵᠢᠷ ᠠᠯᠳᠠᠨ ᠥᠷᠭᠡᠷᠢᠭ ᠪᠣᠯᠤᠨ᠎ᠠ᠃ ᠨᠠᠬᠢᠶ᠎ᠠ ᠪᠠᠷ ᠨᠠᠷᠢᠮᠤ ᠶᠢ ᠣᠷᠣᠯᠠᠨ ᠡᠵᠡᠩᠨᠡᠬᠦ ᠳᠤ ᠳᠠᠷᠢᠵᠤ ᠲᠡᠵᠢᠭᠡᠬᠦ ᠶᠢ | ᠤᠶᠠᠯᠳᠤᠭᠤᠯᠬᠤ ᠵᠠᠭᠪᠤᠷ ᠢ ᠬᠡᠷᠡᠭᠯᠡᠵᠦ᠂ ᠪᠠᠶᠢᠭᠠᠯᠢ ᠶᠢᠨ ᠠᠩᠬᠠᠨ ᠤ ᠠᠮᠢ ᠠᠬᠤᠶ ᠶᠢᠨ ᠪᠣᠷᠲᠣᠭᠤᠷ ᠢ ᠬᠤᠤᠷ ᠥᠬᠡᠶ | ᠪᠣᠯᠭᠠᠨ ᠰᠢᠢᠳᠪᠦᠷᠢᠯᠡᠬᠦ ᠪᠠᠷ ᠳᠡᠮᠵᠢᠨ ᠲᠠᠷᠢᠶᠠᠨ ᠳᠤ ᠪᠤᠴᠠᠭᠠᠨ ᠥᠭᠴᠦ᠂ ᠡᠷᠡᠭᠦᠯ ᠴᠡᠪᠡᠷ ᠪᠣᠬᠢᠷᠲᠤᠯ ᠥᠬᠡᠶ | ᠪᠠᠶᠢᠬᠤ ᠶᠢ ᠪᠠᠲᠤᠯᠠᠬᠤ ᠶᠢᠨ ᠬᠠᠮᠲᠤ᠂ ᠪᠦᠲᠦᠭᠡᠭᠳᠡᠬᠦᠨ ᠢ ᠪᠣᠯᠪᠠᠰᠤᠷᠠᠭᠤᠯᠬᠤ ᠳᠤ ᠤᠯᠤᠰ ᠤᠨ ᠳᠣᠲᠣᠭᠠᠳᠤ ᠶᠢᠨ | ᠬᠠᠮᠤᠭ ᠤᠨ ᠲᠡᠷᠢᠭᠦᠨ ᠤ ᠲᠥᠬᠦᠭᠡᠷᠦᠮᠵᠢ ᠶᠢ ᠬᠡᠷᠡᠭᠯᠡᠵᠦ᠂ ᠨᠠᠷᠢᠮᠤ ᠠᠴᠠ ᠨᠠᠷᠢᠮᠤ ᠳᠤ ᠬᠦᠷᠲᠡᠯ᠎ᠡ ᠠᠷᠪᠠᠨ ᠬᠤᠶᠠᠷ | ᠠᠵᠢᠯ ᠤᠨ ᠳᠠᠷᠠᠭᠠᠯᠠᠯ ᠢᠶᠠᠷ ᠳᠡᠮᠵᠢᠨ ᠬᠠᠭᠤᠴᠢᠨ ᠵᠠᠮ ᠢᠶᠠᠷ ᠢᠶᠠᠨ ᠪᠤᠴᠠᠬᠤ ᠥᠬᠡᠶ ᠪᠠᠶᠢᠵᠤ᠂ ᠮᠥᠬᠦᠯᠢᠭ ᠨᠠᠷᠢᠮᠤ ᠶᠢ | ᠨᠠᠷᠢᠯᠢᠭ ᠰᠣᠩᠭᠤᠵᠤ ᠭᠠᠷᠭᠠᠨ᠎ᠠ᠃ ᠣᠳᠣᠬᠠᠨ ᠳᠤ᠂ ᠨᠠᠬᠢᠶ᠎ᠠ ᠶᠢ ᠣᠷᠣᠯᠠᠨ ᠡᠵᠡᠩᠨᠡᠭᠰᠡᠨ ᠨᠠᠷᠢᠮᠤ ᠪᠤᠳᠠᠭ᠎ᠠ ᠨᠢ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠪᠣᠷᠣᠯᠠᠭᠤᠯᠭ᠎ᠠ ᠶᠢᠨ ᠵᠠᠭᠪᠤᠷ ᠢᠶᠠᠷ | ᠤᠮᠠᠷᠠᠲᠤ ᠣᠷᠣᠨ ᠳᠤ ᠪᠣᠷᠣᠯᠠᠭᠤᠯᠤᠭᠳᠠᠵᠤ᠂ ᠪᠡᠭᠡᠵᠢᠩ᠂ ᠲᠢᠶᠠᠨᠵᠢᠨ᠂ ᠾᠤᠪᠸᠢ ᠵᠡᠷᠭᠡ ᠭᠠᠵᠠᠷ ᠤᠨ | ᠬᠡᠷᠡᠭᠯᠡᠭᠴᠢᠳ ᠤᠨ ᠲᠠᠭᠠᠰᠢᠶᠠᠯ ᠢ ᠣᠯᠵᠤ ᠪᠠᠶᠢᠨ᠎ᠠ᠃ ᠵᠠᠩ ᠸᠧᠨ ᡁᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ | ᠠᠯᠬᠤᠮ ᠳᠤ ᠨᠠᠷᠢᠮᠤ ᠶᠢ ᠣᠷᠣᠯᠠᠨ ᠡᠵᠡᠩᠨᠡᠬᠦ ᠭᠠᠵᠠᠷ ᠣᠷᠣᠨ ᠤ ᠨᠠᠷᠠᠲᠤ ᠲᠡᠮᠳᠡᠭ ᠤᠨ ᠣᠨᠴᠠᠯᠢᠭ ᠢ ᠪᠠᠳᠠᠷᠠᠭᠤᠯᠵᠤ᠂ | ᠨᠠᠷᠢᠮᠤ ᠶᠢ ᠣᠷᠣᠯᠠᠨ ᠡᠵᠡᠩᠨᠡᠬᠦ ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ | ᠥᠬᠡᠶ ᠢᠳᠡᠭᠡᠨ ᠤ ᠦᠵᠡᠰᠬᠦᠯᠡᠩ ᠤᠨ ᠴᠤᠭᠯᠠᠭᠠᠨ︾ ᠤ ᠠᠯᠲᠠᠨ ᠮᠧᠳᠠᠯ ᠢ ᠭᠥᠷᠳᠡᠬᠦ ᠪᠠᠷ ᠬᠥᠳᠡᠯᠭᠡᠬᠦ ᠬᠦᠴᠦᠨ | ᠪᠣᠯᠭᠠᠵᠤ᠂ ᠦᠷᠭᠦᠯᠵᠢᠯᠡᠨ ᠭᠦᠨᠵᠡᠭᠡᠶ ᠳᠠᠷᠢᠵᠤ ᠨᠢᠮᠪᠠᠶ ᠠᠷᠠᠴᠢᠯᠠᠵᠤ᠂ ᠨᠠᠷᠢᠮᠤ ᠶᠢ ᠣᠷᠣᠯᠠᠨ ᠡᠵᠡᠩᠨᠡᠬᠦ ᠨᠠᠷᠢᠮᠤ ᠶᠢ | ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠶ᠃ | — ︽ᠳᠤᠮᠳᠠᠳᠤ ᠤᠯᠤᠰ ᠤᠨ ᠰᠠᠶᠢᠨ ᠠᠮᠤ ᠲᠣᠰᠣ︾ ᠶᠢᠨ ᠨᠠᠷᠠᠲᠤ ᠲᠡᠮᠳᠡᠭᠲᠦ ᠶᠢ ᠳᠠᠭᠤᠷᠢᠰᠬᠠᠵᠤ᠂ | ᠳᠡᠯᠡᠬᠡᠶ ᠶᠢᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠨ᠎ᠠ | ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ | ᠦᠵᠡᠰᠬᠦᠯᠡᠩ ᠤᠨ ᠴᠤᠭᠯᠠᠭᠠᠨ︾ ᠤ ᠠᠯᠲᠠᠨ ᠮᠧᠳᠠᠯ ᠢ ᠭᠥᠷᠳᠡᠭᠰᠡᠨ ᠶᠠᠮᠠ ᠣᠯᠣᠰᠣᠨ ᠤ ᠦᠷ᠎ᠡ ᠶᠢᠨ ᠲᠣᠰᠣᠨ ᠤ | ᠭᠠᠷᠤᠯᠲᠠ ᠨᠢ ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ | ᠺᠣᠮᠫᠠᠨᠢ ᠠᠴᠠ ᠢᠷᠡᠯᠲᠡ ᠲᠠᠢ᠃ ᠤᠯᠠᠨ ᠵᠢᠯ ᠤᠨ ᠲᠤᠷᠰᠢ ᠾᠧ ᠣᠪᠣᠭᠲᠤ ᠶᠢᠨ ᠠᠮᠤ ᠳᠤᠰᠤᠨ ᠤ ᠲᠦᠷᠦᠯ ᠵᠦᠢᠯ | ᠪᠠ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠦᠨ᠂ ᠪᠣᠬᠢᠷᠲᠤᠯ ᠦᠭᠡᠢ ᠪᠦᠲᠦᠭᠡᠭᠳᠡᠬᠦᠨ ᠢ ᠦᠢᠯᠡᠳᠪᠦᠷᠢᠯᠡᠵᠦ᠂ | ᠤᠯᠠᠨ ᠲᠦᠮᠡᠨ ᠤ ᠡᠷᠡᠭᠦᠯ ᠮᠡᠨᠳᠤ ᠳᠤ ᠪᠤᠶᠠᠨ ᠦᠢᠯᠡᠳᠴᠦ᠂ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠬᠤ ᠲᠦᠷᠦᠯ ᠲᠡᠮᠳᠡᠭ ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠦᠨ ᠬᠥᠭᠵᠢᠭᠦᠯᠵᠦ᠂ | ᠦᠢᠯᠡᠳᠪᠦᠷᠢᠯᠡᠯ ᠤᠨ ᠱᠤᠭᠤᠮ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠰᠢᠨ ᠳᠤᠰᠤᠨ ᠤ | ᠲᠦᠷᠦᠯ ᠵᠦᠢᠯ ᠪᠠ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠴᠢᠨᠠᠷ ᠰᠠᠶᠢᠲᠠᠢ ᠪᠦᠲᠦᠭᠡᠭᠳᠡᠬᠦᠨ ᠤ | ᠨᠤᠷᠮ᠎ᠠ ᠪᠠ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠡᠢ᠃ | ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ | ᠺᠣᠮᠫᠠᠨᠢ ᠶᠢᠨ ᠶᠠᠮᠠ ᠣᠯᠣᠰᠣᠨ ᠤ ᠦᠷ᠎ᠡ ᠶᠢᠨ ᠲᠣᠰᠣ᠂ ᠬᠤᠮᠠ ᠶᠢᠨ ᠲᠣᠰᠣ ᠵᠡᠷᠭᠡ ᠪᠦᠲᠦᠭᠡᠭᠳᠡᠬᠦᠨ ᠨᠢ ᠲᠠᠷᠢᠶᠠᠯᠠᠩ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠭᠦᠢᠯᠭᠡᠭᠡ ᠶᠢ ᠠᠬᠢᠭᠤᠯᠬᠤ᠂ ᠲᠠᠷᠢᠶᠠᠯᠠᠩ ᠤᠨ ᠠᠵᠤ | ᠦᠢᠯᠡᠰᠵᠢᠭᠰᠡᠨ ᠡᠵᠡᠩᠨᠡᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ | ᠢᠳᠡᠪᠬᠢᠲᠡᠶ ᠦᠢᠯᠡᠳᠦᠯ ᠭᠠᠷᠭᠠᠵᠠᠶ᠃ ᠰᠤᠷᠪᠤᠯᠵᠢᠯᠠᠭᠴᠢ ᠲᠠᠩ ᠰᠢᠤᠸᠠᠨ ᠪᠥᠸᠧ ᠰᠡᠭᠦᠳᠡᠷᠯᠡᠪᠡ | ︽ᠪᠣᠬᠢᠷᠲᠤᠯ ᠥᠬᠡᠶ ᠪᠣᠬᠢᠷᠲᠤᠯ ᠥᠬᠡᠶ ᠲᠠᠷᠢᠮᠠᠯ ᠤᠨ ᠰᠠᠭᠤᠷᠢᠨ ᠭᠠᠵᠠᠷ ᠯᠠ ᠰᠠᠶ᠋ᠢ ᠴᠡᠪᠡᠷ ᠠᠮᠲᠠᠲᠠᠶ᠂ | ᠠᠮᠤᠷ ᠲᠦᠪᠰᠢᠨ ᠡᠷᠡᠭᠦᠯ ᠪᠣᠬᠢᠷᠲᠤᠯ ᠥᠬᠡᠶ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠵᠤ ᠴᠢᠳᠠᠨ᠎ᠠ︾᠃ ᠾᠧ ᠣᠪᠣᠭᠲᠤ ᠶᠢᠨ ᠠᠮᠤ ᠳᠤᠰᠤᠨ ᠤ ᠬᠡᠷᠡᠭ ᠮᠡᠳᠡᠭᠴᠢᠳ ᠤᠨ | ᠳᠠᠷᠤᠭ᠎ᠠ ᠾᠧ ᠭᠠᠩ ᠤᠨ ᠲᠠᠨᠢᠯᠴᠠᠭᠤᠯᠤᠭᠰᠠᠨ ᠢᠶᠠᠷ᠂ ᠶᠠᠮᠠ ᠣᠯᠣᠰᠣᠨ ᠤ ᠦᠷ᠎ᠡ ᠶᠢᠨ ᠲᠤᠰᠤ ᠪᠣᠯ ᠶᠠᠮᠠ | ᠣᠯᠣᠰᠣᠨ ᠤ ᠦᠷ᠎ᠡ ᠶᠢᠨ ᠤᠤᠯ ᠤᠨ ᠹᠢᠽᠢᠺ ᠤᠨ ᠳᠣᠣᠷ᠎ᠠ ᠳᠤᠯᠠᠭᠠᠨ ᠳᠤ ᠬᠦᠢᠳᠡᠨ ᠢᠶᠠᠷ ᠰᠢᠬᠠᠬᠤ ᠮᠡᠷᠭᠡᠵᠢᠯ ᠢ | ᠬᠡᠷᠡᠭᠯᠡᠵᠦ᠂ ᠪᠦᠬᠦ ᠶᠠᠪᠤᠴᠠ ᠶᠢ 42 ᠭᠷᠠᠳᠦ᠋ᠰ ᠠᠴᠠ ᠬᠡᠲᠦᠷᠡᠭᠦᠯᠬᠦ ᠦᠭᠡᠢ ᠪᠠᠷ ᠨᠠᠷᠢᠯᠢᠭ ᠪᠣᠯᠪᠠᠰᠤᠷᠠᠭᠤᠯᠵᠤ | ᠪᠦᠲᠦᠭᠡᠭᠰᠡᠨ ᠶᠤᠮ᠃ ᠶᠠᠮᠠ ᠶᠢᠨ ᠦᠷ᠎ᠡ ᠶᠢᠨ ᠲᠣᠰᠣᠨ ᠳᠤ ᠬᠠᠨᠤᠮᠠᠯ ᠪᠤᠰᠤ ᠥᠭᠡᠬᠦᠨ ᠬᠦᠴᠢᠯ ᠡᠯᠪᠡᠭ | ᠠᠭᠤᠯᠤᠭᠳᠠᠵᠤ᠂ ᠴᠢᠰᠤᠨ ᠥᠭᠡᠬᠦ ᠶᠢ ᠪᠠᠭᠤᠷᠠᠭᠤᠯᠬᠤ᠂ ᠴᠢᠰᠤᠨ ᠰᠤᠳᠠᠯ ᠢ ᠵᠥᠭᠡᠯᠡᠷᠡᠭᠦᠯᠬᠦ᠂ ᠵᠢᠰᠦ ᠭᠤᠶᠣᠯᠠᠬᠤ | ᠵᠡᠷᠭᠡ ᠦᠢᠯᠡᠳᠦᠯ ᠲᠠᠢ᠃ ᠴᠢᠨᠠᠷ ᠰᠠᠶᠢᠲᠠᠢ ᠶᠠᠮᠠ ᠶᠢᠨ ᠦᠷ᠎ᠡ ᠶᠢᠨ ᠲᠤᠰᠤ ᠶᠢ ᠦᠢᠯᠡᠳᠪᠦᠷᠢᠯᠡᠬᠦ ᠶᠢᠨ ᠲᠥᠯᠥᠭᠡ᠂ | 2022 ᠣᠨ ᠳᠤ᠂ ᠺᠣᠮᠫᠠᠨᠢ ᠤᠯᠤᠰ ᠤᠨ ᠳᠣᠲᠣᠭᠠᠳᠤ ᠭᠠᠳᠠᠭᠠᠳᠤ ᠳᠤ ᠲᠠᠷᠢᠮᠠᠯ ᠤᠨ ᠰᠠᠭᠤᠷᠢᠨ ᠪᠠᠶᠢᠭᠤᠯᠵᠤ᠂ | ᠴᠢᠨᠠᠷ ᠰᠠᠶᠢᠲᠠᠢ ᠲᠣᠰᠣᠯᠢᠭ ᠲᠠᠷᠢᠮᠠᠯ ᠤᠨ ᠰᠠᠭᠤᠷᠢᠨ ᠭᠠᠵᠠᠷ ᠤᠨ ᠲᠠᠯᠠᠪᠠᠢ ᠶᠢ 2.8 ᠲᠦᠮᠡᠨ ᠮᠦ ᠳᠤ ᠬᠦᠷᠲᠡᠯ᠎ᠡ | ᠥᠷᠭᠡᠳᠬᠡᠵᠦ᠂ ᠬᠥᠮᠥᠷᠭᠡ ᠪᠣᠯᠤᠨ 3 ᠵᠤᠷᠪᠤᠰ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠱᠤᠭᠤᠮ ᠢ | ᠥᠭᠡᠷᠡᠴᠢᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ᠂ ᠦᠢᠯᠡᠳᠪᠦᠷᠢᠯᠡᠯ ᠤᠨ ᠶᠠᠪᠤᠴᠠ᠂ | ᠪᠦᠲᠦᠭᠡᠭᠳᠡᠬᠦᠨ ᠢ ᠬᠠᠳᠠᠭᠠᠯᠠᠵᠤ ᠵᠥᠭᠡᠭᠡᠪᠦᠷᠢᠯᠡᠬᠦ ᠶᠢᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠪᠠ᠃ | ᠡᠭᠦᠨ ᠤ ᠬᠠᠮᠲᠤ ᠶᠠᠮᠠ ᠣᠯᠣᠰᠣᠨ ᠤ ᠦᠷ᠎ᠡ ᠶᠢᠨ ᠲᠣᠰᠣᠨ ᠤ ᠥᠨᠳᠥᠷ ᠰᠢᠮ᠎ᠡ ᠲᠡᠵᠢᠭᠡᠯ ᠤᠨ ᠥᠷᠲᠡᠭ ᠢ ᠨᠡᠩ | ᠰᠠᠶᠢᠨ ᠬᠠᠳᠠᠭᠠᠯᠠᠬᠤ ᠶᠢᠨ ᠲᠥᠯᠥᠭᠡ᠂ ᠭᠦᠨ ᠥᠩᠭᠡᠲᠡᠶ ᠰᠢᠯ ᠯᠣᠩᠬᠤᠨ ᠳᠤ ᠬᠤᠶᠠᠷ ᠳᠠᠪᠬᠤᠷ ᠭᠡᠷᠡᠯ ᠠᠴᠠ | ᠵᠠᠶᠢᠯᠠᠭᠤᠯᠤᠨ ᠢᠯᠴᠢ ᠶᠢ ᠬᠠᠯᠬᠠᠯᠠᠨ ᠪᠣᠭᠤᠳᠠᠯᠯᠠᠵᠤ᠂ ᠶᠠᠮᠠ ᠣᠯᠣᠰᠣᠨ ᠤ ᠦᠷ᠎ᠡ ᠶᠢᠨ ᠲᠣᠰᠣ ᠶᠢ ᠦᠨᠡᠨ ᠬᠦ | ᠬᠠᠮᠤᠭ ᠤᠨ ᠡᠷᠡᠭᠦᠯ ᠲᠣᠰᠣ ᠪᠣᠯᠭᠠᠬᠤ ᠬᠡᠷᠡᠭᠲᠡᠶ᠃ | ᠣᠳᠣᠬᠠᠨ ᠳᠤ ᠡᠨᠡ ᠬᠡᠯᠪᠡᠷᠢ ᠶᠢᠨ ᠶᠠᠮᠠ ᠶᠢᠨ ᠦᠷ᠎ᠡ ᠶᠢᠨ ᠲᠣᠰᠣ ᠶᠢ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠴᠥᠮ ᠪᠣᠷᠣᠯᠠᠭᠤᠯᠵᠤ ᠪᠠᠶᠢᠨ᠎ᠠ᠂ ᠵᠢᠩ ᠳ᠋ᠦᠩ ᠬᠤᠰᠢᠭᠤᠨ ᠤ ᠬᠥᠯᠭᠡ ᠣᠩᠭᠤᠴᠠᠨ ᠤ | ᠳᠡᠯᠭᠡᠭᠦᠷ ᠲᠤ᠂ ᠲᠢᠶᠠᠨ ᠮᠤᠤ᠂ ᠲᠦᠷᠭᠡᠨ ᠪᠣᠷᠣᠯᠠᠭᠤᠯᠤᠯᠲᠠ ᠶᠢᠨ ᠬᠡᠮᠵᠢᠶ᠎ᠡ ᠨᠡᠯᠢᠶᠡᠳ ᠰᠠᠶᠢᠨ ᠪᠠᠶᠢᠨ᠎ᠠ᠃ ᠾᠧ | ᠭᠠᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠾᠧ ᠣᠪᠣᠭᠲᠤ ᠶᠢᠨ ᠠᠮᠤ ᠲᠣᠰᠣᠨ ᠤ ︽ᠳᠤᠮᠳᠠᠳᠤ | ᠤᠯᠤᠰ ᠤᠨ ᠰᠠᠶᠢᠨ ᠠᠮᠤ ᠲᠣᠰᠣ︾ ᠶᠢᠨ ᠵᠠᠬ᠎ᠠ ᠳᠡᠯᠭᠡᠭᠦᠷ ᠲᠠᠬᠢ ᠡᠵᠡᠯᠡᠬᠦ ᠨᠣᠷᠮ᠎ᠠ ᠶᠢ ᠦᠷᠭᠦᠯᠵᠢᠯᠡᠨ ᠠᠬᠢᠭᠤᠯᠵᠤ᠂ | ᠳᠡᠯᠡᠬᠡᠶ ᠶᠢᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠪᠥᠬᠦ ᠳᠡᠯᠡᠬᠡᠶ ᠶᠢᠨ ᠠᠷᠠᠳ ᠲᠦᠮᠡᠨ ᠤ | ᠬᠤᠳᠠᠯᠳᠤᠨ ᠠᠪᠬᠤ ᠳᠤ ᠰᠠᠨᠠᠭ᠎ᠠ ᠠᠮᠤᠷ᠂ ᠬᠡᠷᠡᠭᠯᠡᠬᠦ ᠳᠤ ᠰᠠᠨᠠᠭ᠎ᠠ ᠠᠮᠤᠷ᠂ ᠪᠡᠶ᠎ᠡ ᠰᠡᠳᠬᠢᠯ ᠢ ᠡᠷᠡᠭᠦᠯ ᠴᠢᠭᠢᠷᠠᠭ | ᠪᠠᠶᠢᠯᠭᠠᠨ᠎ᠠ ᠭᠡᠵᠡᠶ᠃ ᠬᠦᠰᠡᠯ ᠡᠷᠡᠮᠡᠯᠵᠡᠯ ᠤᠨ ᠬᠡᠭᠡᠷ᠎ᠡ ᠲᠠᠯ᠎ᠠ ᠳᠤ᠂ ᠨᠣᠭᠤᠭᠠᠨ ᠦᠩᠭᠡ ᠶᠢᠨ ᠦᠷ᠎ᠡ ᠶᠢ ᠲᠠᠷᠢᠵᠦ᠂ | ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠪᠤᠶᠢᠵᠢᠭᠤᠯᠵᠤ᠂ ᠰᠢᠩ ᠡᡁᠧ ᠰᠢᠶᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠢᠳᠡᠷᠬᠡᠭ ᠠᠯᠬᠤᠭ᠎ᠠ ᠶᠢ ᠠᠯᠬᠤᠨ᠎ᠠ᠃ ᠰᠢᠩ ᠾᠧ ᠰᠢᠶᠠᠨ ᠤ ᠳᠡᠳ᠋ ᠳᠠᠷᠤᠭ᠎ᠠ ᠬᠥᠩ | ᠰᠢᠤ ᠯᠦᠩ ᠬᠡᠯᠡᠬᠦ ᠳᠡᠭᠡᠨ᠂ ᠡᠨᠡ ᠵᠢᠯ ᠰᠢᠩ ᠾᠧ ᠰᠢᠶᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠠᠭᠤᠷᠢ ᠶᠢ ᠪᠠᠲᠤᠳᠬᠠᠨ᠂ ᠭᠠᠷᠤᠯᠲᠠ ᠶᠢ | ᠨᠡᠮᠡᠭᠳᠡᠭᠦᠯᠵᠦ ᠦᠷ᠎ᠡ ᠪᠦᠲᠦᠮᠵᠢ ᠳᠤ ᠬᠦᠷᠦᠭᠦᠯᠵᠦ᠂ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠲᠠᠪᠤᠨ ᠶᠡᠭᠡ | ᠡᠭᠦᠷᠭᠡ︾ ᠪᠠᠷ ᠭᠠᠷᠳᠠᠴᠠ ᠪᠣᠯᠭᠠᠨ᠂ ᠬᠤᠶᠠᠷ ᠬᠦᠷᠢᠶᠡᠯᠡᠩ ᠬᠤᠶᠠᠷ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ ᠰᠢᠩ ᠾᠧ ᠰᠢᠶᠠᠨ ᠢ ᠠᠯᠬᠤᠮ ᠠᠯᠬᠤᠮ ᠢᠶᠠᠷ ᠨᠡᠶᠢᠰᠯᠡᠯ ᠳᠤ ᠬᠠᠨᠳᠤᠭᠤᠯᠤᠭᠰᠠᠨ ᠣᠷᠭᠠᠨᠢᠭ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠪᠠ | ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | | ᠢᠷᠡᠯᠲᠡ᠄ ᠤᠯᠠᠭᠠᠨᠴᠠᠪ ᠬᠤᠲᠠ ᠶᠢᠨ ᠬᠠᠮ ᠵᠠᠭᠤᠴᠢᠯᠠᠭᠤᠷ ᠤᠨ ᠲᠥᠪ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |