ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/6/15
    6 ᠰᠠᠷ᠎ᠠ ᠶᠢᠨ 14᠎ ᠤ ᠡᠳᠦᠷ᠂ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠬᠠᠢ ᠶᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠵᠤᠤ ᠬᠤᠢ ᠵᠢᠤᠢ ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠯᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠬᠰᠠᠨ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠰᠢᠨ᠎ᠡ ᠦᠨᠳᠦᠷᠴᠡ ᠳᠤ ᠬᠦᠷᠴᠦ᠂ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃      ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠮᠠᠨ ᠤ ᠰᠢᠶᠠᠨ ᠳᠤ 2300 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠶᠠᠳᠤᠭᠠᠷ ᠳᠡᠰ ᠤᠨ ᠮᠡᠳᠡᠷᠡᠯ ᠤᠨ ᠲᠤᠰᠬᠠᠶ ᠡᠮᠨᠡᠯᠭᠡ ᠶᠢᠨ ᠬᠤᠷᠢᠶ᠎ᠠ ᠪᠠᠶᠢᠭᠤᠯᠬᠤ ᠪᠠᠷ ᠪᠣᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ᠂ ᠮᠠᠨ ᠤ ᠰᠢᠶᠠᠨ ᠪᠣᠯᠵᠤᠭ᠎ᠠ ᠶᠢ ᠴᠢᠩᠭ᠎ᠠ ᠵᠢᠷᠤᠮᠯᠠᠨ᠂ ᠬᠦᠬᠡ ᠲᠠᠯ᠎ᠠ ᠶᠢᠨ ᠬᠠᠷᠢᠭᠤᠴᠠᠯᠭ᠎ᠠ ᠪᠠ ᠡᠭᠦᠷᠭᠡ ᠶᠢ ᠰᠠᠶᠢᠲᠤᠷ ᠭᠦᠢᠴᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠵᠣᠬᠢᠴᠠᠭᠤᠯᠵᠤ᠂ ᠨᠢᠭᠡᠳᠦᠭᠡᠷ ᠹᠷᠣᠨᠲ ᠲᠤ ᠦᠢᠯᠡᠴᠢᠯᠡᠵᠦ᠂ ᠴᠢᠨᠠᠷ ᠰᠠᠶᠢᠲᠠᠢ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠨᠢᠭᠡ ᠦᠷᠳᠡᠭᠡᠯᠢᠭ ᠮᠠᠶ᠋ᠢᠭ ᠤᠨ᠂ ᠪᠦᠬᠦ ᠡᠳᠦᠷ ᠤᠨ ᠵᠣᠬᠢᠴᠠᠭᠤᠯᠭ᠎ᠠ ᠶᠢᠨ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠡᠯ᠎ᠡ ᠲᠦᠷᠦᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3