6 ᠰᠠᠷ᠎ᠠ ᠶᠢᠨ 14 ᠤ ᠡᠳᠦᠷ᠂ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠺᠠᠩ ᠵᠢᠶᠧ | ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ | ᠶᠠᠪᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠢᠢ ᠰᠢᠶᠤᠤ ᠬᠤᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ᠂ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠬᠠᠢ ᠶᠠᠨ ᠭᠠᠷ ᠤᠨ ᠦᠰᠦᠭ ᠵᠢᠷᠤᠬᠤ ᠶᠣᠰᠣᠯᠠᠯ ᠳᠤ | ᠣᠷᠣᠯᠴᠠᠪᠠ᠃ | ᠵᠤᠤ ᠬᠤᠢ ᠵᠢᠤᠢ ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠯᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ | ᠲᠤᠬᠢᠷᠠᠯᠴᠠᠬᠰᠠᠨ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠰᠢᠨ᠎ᠡ ᠦᠨᠳᠦᠷᠴᠡ ᠳᠤ ᠬᠦᠷᠴᠦ᠂ ᠰᠢᠨ᠎ᠡ | ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃ | ᠥᠪᠥᠷ ᠮᠣᠩᠭᠤᠯ ᠤᠨ ᠺᠠᠩ ᠵᠢᠶᠧ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠮᠠᠨ ᠤ | ᠰᠢᠶᠠᠨ ᠳᠤ 2300 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠶᠠᠳᠤᠭᠠᠷ ᠳᠡᠰ ᠤᠨ ᠮᠡᠳᠡᠷᠡᠯ ᠤᠨ ᠲᠤᠰᠬᠠᠶ | ᠡᠮᠨᠡᠯᠭᠡ ᠶᠢᠨ ᠬᠤᠷᠢᠶ᠎ᠠ ᠪᠠᠶᠢᠭᠤᠯᠬᠤ ᠪᠠᠷ ᠪᠣᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ | ᠭᠤᠭᠴᠤᠭ᠎ᠠ ᠳᠤ᠂ ᠮᠠᠨ ᠤ ᠰᠢᠶᠠᠨ ᠪᠣᠯᠵᠤᠭ᠎ᠠ ᠶᠢ ᠴᠢᠩᠭ᠎ᠠ ᠵᠢᠷᠤᠮᠯᠠᠨ᠂ ᠬᠦᠬᠡ ᠲᠠᠯ᠎ᠠ ᠶᠢᠨ ᠬᠠᠷᠢᠭᠤᠴᠠᠯᠭ᠎ᠠ ᠪᠠ | ᠡᠭᠦᠷᠭᠡ ᠶᠢ ᠰᠠᠶᠢᠲᠤᠷ ᠭᠦᠢᠴᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠵᠣᠬᠢᠴᠠᠭᠤᠯᠵᠤ᠂ ᠨᠢᠭᠡᠳᠦᠭᠡᠷ | ᠹᠷᠣᠨᠲ ᠲᠤ ᠦᠢᠯᠡᠴᠢᠯᠡᠵᠦ᠂ ᠴᠢᠨᠠᠷ ᠰᠠᠶᠢᠲᠠᠢ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠳᠤ ᠨᠢᠭᠡ ᠦᠷᠳᠡᠭᠡᠯᠢᠭ ᠮᠠᠶ᠋ᠢᠭ ᠤᠨ᠂ ᠪᠦᠬᠦ ᠡᠳᠦᠷ ᠤᠨ ᠵᠣᠬᠢᠴᠠᠭᠤᠯᠭ᠎ᠠ ᠶᠢᠨ ᠪᠠᠲᠤᠯᠠᠭ᠎ᠠ | ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠡᠯ᠎ᠡ ᠲᠦᠷᠦᠯ ᠤᠨ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠨ᠎ᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |