6 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠢ ᠳ᠋ᠦᠩ ᠰᠢᠩ ᠡᡁᠧ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠲᠤᠰᠬᠠᠢ ᠰᠡᠳᠦᠪ ᠢᠶᠠᠷ | ᠰᠤᠳᠤᠯᠪᠠ᠃ | | | ᠬᠤᠷᠠᠯ ᠠᠴᠠ ᠮᠠᠨ ᠤ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠡᠯᠡᠳᠬᠡᠯ ᠤᠨ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠰᠣᠨᠣᠰᠴᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ | ᠣᠶᠢᠯᠠᠭᠠᠭᠳᠠᠬᠤᠨ ᠢ ᠠᠵᠢᠯ ᠤᠨ ᠢᠶᠠᠨ ᠦᠨᠳᠦᠰᠦᠨ ᠵᠢᠷᠤᠮᠯᠠᠯ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠡᠯᠡᠳᠬᠡᠯ ᠪᠠ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ | ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠨᠠᠷᠢᠯᠢᠭ | ᠠᠳᠬᠤᠵᠤ᠂ ︽ᠠᠷᠪᠠ ᠶᠢ ᠰᠡᠷᠭᠡᠶᠢᠯᠡᠵᠦ ᠶᠢᠰᠦ ᠶᠢ ᠬᠤᠭᠤᠰᠣᠯᠠᠬᠤ ᠠᠴᠠ ᠪᠢᠰᠢ᠂ ᠭᠡᠨᠡᠳᠲᠡ ᠶᠢᠨ ᠬᠡᠷᠡᠭ ᠢ | ᠰᠡᠷᠭᠡᠶᠢᠯᠡᠵᠦ ᠪᠣᠯᠬᠤ ᠦᠭᠡᠢ︾᠂ ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ | ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ᠃ | ᠬᠤᠷᠠᠯ ᠠᠴᠠ ᠴᠢᠩᠭᠠᠳᠬᠠᠭᠰᠠᠨ ᠨᠢ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠭᠤᠣᠯᠳᠠᠯᠭ᠎ᠠ ᠲᠠᠢ | ᠣᠷᠣᠨ ᠪᠠᠶᠢᠷᠢ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ | ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ | ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠯᠢᠬᠵᠢᠭᠤᠯᠤᠨ | ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠳᠤ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |