ᠯᠢ ᠺᠠᠶ ᠳ᠋ᠦᠩ ᠰᠢᠩ ᠾᠧ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ 2023 ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/16
     6 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠰᠢᠩ ᠡᡁᠧ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃
     ᠬᠤᠷᠠᠯ ᠠᠴᠠ ᠮᠠᠨ ᠤ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠡᠯᠡᠳᠬᠡᠯ ᠤᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ‍ᠤᠨ‌‍ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠣᠨᠣᠰᠴᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠣᠶᠢᠯᠠᠭᠠᠭᠳᠠᠬᠤᠨ ᠢ ᠠᠵᠢᠯ ᠤᠨ ᠢᠶᠠᠨ ᠦᠨᠳᠦᠰᠦᠨ ᠵᠢᠷᠤᠮᠯᠠᠯ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ︽ᠠᠷᠪᠠ ᠶᠢ ᠰᠡᠷᠭᠡᠶᠢᠯᠡᠵᠦ ᠶᠢᠰᠦ ᠶᠢ ᠬᠤᠭᠤᠰᠣᠯᠠᠬᠤ ᠠᠴᠠ ᠪᠢᠰᠢ᠂ ᠭᠡᠨᠡᠳᠲᠡ ᠶᠢᠨ ᠬᠡᠷᠡᠭ ᠢ ᠰᠡᠷᠭᠡᠶᠢᠯᠡᠵᠦ ᠪᠣᠯᠬᠤ ᠦᠭᠡᠢ︾᠂ ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠳᠤ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃                                     ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3