ᠰᠢᠩ ᠾᠧ ᠰᠢᠶᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/6/16
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠣᠶᠢᠷᠠᠳᠴᠤ᠂ ᠣᠯᠠᠨ ᠲᠦᠮᠡᠨ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠰᠢᠩ ᠾᠧ ᠰᠢᠶᠠᠨ ᠤ ᠬᠢᠨ ᠽᠦᠩᠽᠢ᠂ ᠪᠣᠭᠤᠷᠰᠤᠭ ᠵᠡᠷᠭᠡ ᠤᠯᠠᠷᠢᠯ ᠤᠨ ᠢᠳᠡᠭᠡᠨ ᠢᠶᠠᠷ ᠭᠤᠤᠯᠳᠠᠯᠭ᠎ᠠ ᠲᠠᠢ ᠪᠠᠶᠢᠴᠠᠭᠠᠯᠲᠠ ᠶᠢᠨ ᠠᠭᠤᠯᠭ᠎ᠠ ᠪᠣᠯᠭᠠᠵᠤ᠂ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠭᠤᠤᠯᠳᠠᠯᠭ᠎ᠠ ᠲᠠᠢ ᠭᠤᠭᠴᠤᠭ᠎ᠠ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠬᠢᠯᠭᠡᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠥᠷᠭᠡᠨ ᠣᠯᠠᠨ ᠲᠦᠮᠡᠨ ᠤ ᠬᠡᠷᠡᠭᠯᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃      ᠲᠣᠰ ᠤᠳᠠᠭ᠎ᠠ ᠢᠳᠡᠭᠡᠨ ᠤ ᠵᠦᠢᠯ ᠤᠨ ᠡᠵᠡᠩᠨᠡᠭᠴᠢ ᠶᠢᠨ ᠪᠡᠶᠡᠴᠢ ᠴᠣᠭᠴᠠ ᠶᠢᠨ ᠬᠢᠷᠢ ᠬᠡᠮ᠂ ᠢᠳᠡᠭᠡᠨ ᠤ ᠵᠦᠢᠯ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠢᠳᠡᠭᠡᠨ ᠤ ᠠᠮᠤᠷ ᠲᠦᠪᠰᠢᠨ ᠤ ᠥᠪᠡᠷ ᠢ ᠪᠠᠨ ᠢᠯᠡ ᠪᠣᠯᠭᠠᠬᠤ ᠠᠮᠠᠯᠠᠯᠲᠠ ᠶᠢᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠡᠰᠡᠬᠦ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠬᠢᠬᠦ ᠵᠢᠴᠢ ᠮᠡᠳᠡᠭᠦᠯᠦᠯᠲᠡ ᠬᠢᠬᠦ᠂ ᠡᠵᠡᠩᠨᠡᠯᠲᠡ ᠶᠢᠨ ᠶᠠᠪᠤᠴᠠ ᠶᠢ ᠡᠵᠡᠮᠳᠡᠬᠦ᠂ ᠬᠤᠳᠠᠯᠳᠤᠵᠤ ᠪᠠᠶᠢᠭ᠎ᠠ ᠢᠳᠡᠭᠡᠨ ᠤ ᠱᠣᠰᠢᠭ᠎ᠠ ᠲᠡᠮᠳᠡᠭ ᠵᠢᠴᠢ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠠᠵᠢᠯᠯᠠᠭ᠎ᠠ ᠶᠢ ᠪᠠᠶᠢᠴᠠᠭᠠᠨ᠎ᠠ᠃ ᠢᠳᠡᠭᠡᠨ ᠤ ᠡᠵᠡᠩᠨᠡᠭᠴᠢ ᠶᠢ ᠤᠭ ᠦᠨᠳᠦᠰᠦ ᠶᠢ ᠨᠢ ᠡᠷᠢᠬᠦ ᠭᠡᠷᠡᠴᠢ ᠪᠠᠷᠢᠮᠲᠠ ᠦᠭᠡᠢ᠂ ᠢᠷᠡᠯᠲᠡ ᠨᠢ ᠲᠣᠳᠣᠷᠬᠠᠶ ᠦᠭᠡᠢ᠂ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠬᠠᠰᠠᠨ ᠵᠡᠷᠭᠡ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠦᠯᠦ ᠨᠡᠶᠢᠴᠡᠬᠦ ᠢᠳᠡᠭᠡᠨ ᠢ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠦᠭᠡᠢ ᠪᠠᠶᠢᠬᠤ ᠶᠢ ᠱᠠᠭᠠᠷᠳᠠᠨ᠎ᠠ ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠢ ᠬᠤᠳᠠᠯ ᠬᠠᠭᠤᠷᠮᠠᠭ ᠢᠶᠠᠷ ᠥᠰᠬᠡᠭᠡᠨ ᠲᠥᠰᠬᠡᠭᠡᠨ ᠲᠠᠢ ᠤᠬᠠᠭᠤᠯᠵᠤ᠂ ᠬᠡᠲᠦ ᠪᠣᠭᠤᠳᠠᠯᠯᠠᠵᠤ᠂ ᠦᠨ᠎ᠡ ᠬᠠᠩᠰᠢ ᠶᠢ ᠲᠦᠷᠬᠢᠯᠳᠦᠨ ᠥᠰᠬᠡᠵᠦ ᠪᠣᠯᠬᠤ ᠥᠬᠡᠶ᠂ ᠡᠷᠬᠡᠪᠰᠢ ᠦᠨ᠎ᠡ ᠬᠠᠩᠰᠢ ᠶᠢ ᠢᠯᠡ ᠬᠠᠳᠠᠬᠤ᠂ ᠦᠨ᠎ᠡ ᠶᠢᠨ ᠱᠣᠰᠢᠭ᠎ᠠ ᠶᠢ ᠨᠢᠭᠡᠳᠦᠯᠲᠡᠶ ᠪᠠᠶᠢᠯᠭᠠᠬᠤ ᠬᠡᠷᠡᠭᠲᠡᠶ ᠭᠡᠵᠦ ᠱᠠᠭᠠᠷᠳᠠᠵᠤ ᠪᠠᠶᠢᠨ᠎ᠠ᠃      ᠲᠣᠰ ᠤᠳᠠᠭ᠎ᠠ ᠽᠦᠩᠽᠢ ᠪᠣᠷᠣᠯᠠᠭᠤᠯᠤᠭᠰᠠᠨ ᠡᠵᠡᠩᠨᠡᠭᠴᠢ ᠶᠢ ᠨᠡᠶᠢᠲᠡ 11 ᠪᠠᠶᠢᠴᠠᠭᠠᠵᠤ᠂ ᠢᠷᠡᠯᠲᠡ ᠶᠢ ᠨᠢ ᠡᠷᠢᠭᠰᠡᠨ ᠭᠡᠷᠡᠴᠢ ᠪᠠᠷᠢᠮᠲᠠ ᠥᠬᠡᠶ᠂ ᠢᠷᠡᠯᠲᠡ ᠨᠢ ᠲᠣᠳᠣᠷᠬᠠᠶ ᠥᠬᠡᠶ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠵᠡᠷᠭᠡ ᠦᠵᠡᠭᠳᠡᠯ ᠢ ᠣᠯᠵᠤ ᠮᠡᠳᠡᠭᠰᠡᠨ ᠥᠬᠡᠶ᠂ ᠡᠩ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠣᠷᠣᠰᠢᠵᠤ ᠪᠠᠶᠢᠭ᠎ᠠ ᠡᠵᠡᠩᠨᠡᠭᠴᠢ ᠶᠢ ᠲᠤᠬᠠᠶ ᠶᠢᠨ ᠲᠠᠯᠠᠪᠤᠷ ᠲᠤᠨᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠡᠵᠡᠩᠨᠡᠭᠴᠢ ᠶᠢ ᠰᠢᠪᠠᠳᠠᠨ ᠱᠠᠭᠠᠷᠳᠠᠵᠤ ᠪᠠᠶᠢᠭᠠᠳ ᠳᠠᠷᠤᠶ ᠲᠦᠷᠭᠡᠨ ᠴᠡᠭᠴᠡᠯᠡᠨ ᠥᠭᠡᠷᠡᠴᠢᠯᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠢᠷᠢ ᠲᠡᠩᠴᠡᠭᠦ ᠥᠬᠡᠶ ᠢᠳᠡᠭᠡᠨ ᠢ ᠬᠠᠤᠯᠢ ᠶᠢ ᠵᠥᠷᠢᠴᠡᠨ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠡᠷᠡᠭᠦᠯ ᠴᠢᠭᠢᠷᠠᠭ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ︕                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3