ᠴᠧᠩ ᠭᠤᠸᠠᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠪᠠᠬᠢᠵᠢᠭᠦᠯᠵᠦ ᠳᠠᠪᠲᠠᠨ ᠪᠠᠶᠢᠴᠠᠭᠠᠵᠤ ᠰᠢᠯᠭᠠᠨ ᠠᠪᠬᠤ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/16
     6 ᠳ᠋ᠤᠭᠠᠷ ᠰᠠᠷ᠎ᠠ ᠶᠢᠨ 12 ᠤᠨ ᠡᠳᠦᠷ᠂ ᠴᠧᠩ ᠭᠤᠸᠠᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠪᠠᠬᠢᠵᠢᠭᠦᠯᠵᠦ ᠳᠠᠬᠢᠨ ᠪᠠᠶᠢᠴᠠᠭᠠᠵᠤ ᠰᠢᠯᠭᠠᠨ ᠠᠪᠬᠤ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠵᠠᠶ᠃      ᠬᠤᠷᠠᠯ ᠠᠴᠠ ᠡᠩ ᠲᠡᠷᠢᠭᠦᠨ ᠳᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠪᠠᠬᠢᠵᠢᠭᠦᠯᠵᠦ ᠳᠠᠪᠲᠠᠨ ᠪᠠᠶᠢᠴᠠᠭᠠᠵᠤ ᠰᠢᠯᠭᠠᠨ ᠠᠪᠬᠤ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠨᠡᠶᠢᠭᠡᠮ ᠲᠣᠭᠤᠷᠢᠭ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ᠂ ᠡᠯ᠎ᠡ ᠨᠡᠶᠢᠭᠡᠮ ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠡᠷᠬᠡᠪᠰᠢ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠣᠯᠪᠠᠰᠤᠨ ᠬᠤᠳᠠ ᠶᠢ ᠳᠠᠪᠲᠠᠨ ᠪᠠᠶᠢᠴᠠᠭᠠᠵᠤ ᠰᠢᠯᠭᠠᠨ ᠠᠪᠬᠤ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠠᠷᠭ᠎ᠠ  ᠬᠡᠮᠵᠢᠶ᠎ᠡ ᠂ ᠨᠡᠩ ᠶᠡᠭᠡ ᠡᠷᠴᠢᠮ ᠢᠶᠠᠷ ᠠᠵᠢᠯ ᠢᠶᠠᠨ ᠨᠠᠷᠢᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠤᠶᠠᠷ ᠲᠤ ᠠᠵᠢᠯ ᠤᠨ ᠭᠤᠣᠯᠳᠠᠯᠭ᠎ᠠ ᠪᠠᠨ ᠲᠣᠪᠦ᠋ᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠶ᠃ ᠰᠢᠯᠭᠠᠨ ᠦᠨᠡᠯᠡᠬᠦ ᠪᠠᠷᠢᠮᠵᠢᠶ᠎ᠠ ᠪᠠ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠵᠦᠢᠯ ᠳᠠᠷᠠᠭᠠᠯᠠᠨ ᠪᠠᠬᠢᠵᠢᠭᠦᠯᠵᠦ ᠡᠭᠦᠳᠦᠨ ᠪᠠᠶᠢᠭᠤᠯᠵᠤ᠂ ᠪᠠᠬᠢᠵᠢᠭᠦᠯᠵᠦ ᠡᠭᠦᠳᠦᠨ ᠪᠠᠶᠢᠭᠤᠯᠬᠤ ᠶᠠᠪᠤᠴᠠ ᠳᠠᠬᠢ ᠠᠰᠠᠭᠤᠳᠠᠯ ᠢ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ᠲᠣᠤᠷᠵᠢᠭᠤᠯᠤᠭᠰᠠᠨ ᠬᠠᠮᠢᠶᠠᠷᠤᠯᠲᠠ ᠲᠠᠢ ᠤᠶᠠᠯᠳᠤᠭᠤᠯᠤᠨ᠂ ᠠᠷᠤ ᠵᠡᠭᠡᠯᠢ ᠵᠢᠵᠢᠭ ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠠᠵᠠᠷ ᠪᠣᠯᠭᠠᠨ ᠳᠤ ᠲᠣᠭᠤᠷᠢᠨ ᠪᠠᠶᠢᠴᠠᠭᠠᠬᠤ ᠬᠥᠮᠦᠨ ᠲᠠᠢ᠂ ᠶᠠᠪᠤᠳᠠᠯ ᠪᠣᠯᠭᠠᠨ ᠳᠤ ᠬᠠᠮᠢᠶᠠᠷᠬᠤ ᠬᠥᠮᠦᠨ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠭᠤᠷᠪᠠ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢ ᠥᠷᠭᠡᠨ ᠢᠶᠠᠷ ᠳᠠᠶᠢᠴᠢᠯᠠᠵᠤ᠂ ᠤᠬᠠᠭᠤᠯᠭ᠎ᠠ ᠶᠢᠨ ᠠᠷᠭ᠎ᠠ ᠪᠦᠬᠦᠨ ᠢ ᠬᠡᠷᠡᠭᠯᠡᠨ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠦᠬᠦᠨ ᠢ᠂ ᠢᠯᠠᠩᠭᠤᠶ᠎ᠠ ᠤᠯᠠᠨ ᠲᠦᠮᠡᠨ ᠤ ᠣᠷᠣᠯᠴᠠᠬᠤ ᠴᠢᠨᠠᠷ ᠢᠶᠠᠷ ᠨᠡᠯᠢᠶᠡᠳ ᠴᠢᠩᠭ᠎ᠠ ᠠᠵᠢᠯᠯᠠᠭ᠎ᠠ ᠪᠦᠬᠦᠨ ᠢ ᠠᠪᠴᠤ᠂ ᠤᠬᠠᠭᠤᠯᠭ᠎ᠠ ᠶᠢ ᠳᠡᠭᠡᠳᠦ ᠨᠢᠭᠲᠠᠴᠠ ᠲᠠᠢ᠂ ᠶᠡᠭᠡ ᠬᠡᠪᠴᠢᠶ᠎ᠡ ᠲᠠᠢ᠂ ᠪᠦᠬᠦ ᠲᠠᠯ᠎ᠠ ᠪᠠᠷ ᠥᠷᠨᠢᠭᠦᠯᠵᠦ᠂ ᠤᠯᠠᠨ ᠲᠦᠮᠡᠨ ᠤ ᠪᠣᠯᠪᠠᠰᠤᠨ ᠤ ᠤᠬᠠᠮᠰᠠᠷ ᠢ ᠨᠡᠮᠡᠭᠳᠡᠭᠦᠯᠦᠨ᠂ ᠤᠯᠠᠨ ᠲᠦᠮᠡᠨ ᠤ ᠮᠡᠳᠡᠬᠦ ᠨᠤᠷᠮ᠎ᠠ᠂ ᠳᠡᠮᠵᠢᠬᠦ ᠨᠤᠷᠮ᠎ᠠ᠂ ᠰᠡᠳᠬᠢᠯ ᠬᠠᠩᠬᠤ ᠨᠤᠷᠮ᠎ᠠ ᠶᠢ ᠳᠡᠭᠡᠭᠰᠢᠯᠡᠭᠦᠯᠵᠦ᠂ ᠭᠠᠵᠠᠷ ᠪᠣᠯᠭᠠᠨ ᠳᠤ ᠪᠣᠯᠪᠠᠰᠤᠨ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠲᠦᠷᠪᠡ ᠳᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠦᠷᠭᠦᠯᠵᠢᠯᠡᠨ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠳᠬᠠᠬᠤ ᠶᠢᠨ ᠲᠥᠯᠥᠭᠡ᠂ ᠪᠠᠯᠭᠠᠰᠤ ᠶᠢ ᠪᠠᠬᠢᠵᠢᠭᠦᠯᠦᠨ ᠬᠤᠲᠠ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠵᠢᠯᠴᠠᠨ ᠬᠢᠨᠠᠯᠲᠠ ᠲᠠᠯᠪᠢᠬᠤ ᠦᠢᠯᠡᠳᠦᠯ ᠢᠶᠠᠨ  ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠡᠳᠦᠷ ᠲᠤᠲᠤᠮ ᠤᠨ ᠬᠢᠨᠠᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠢ ᠬᠠᠷᠢᠭᠤ ᠲᠤᠰᠬᠠᠵᠤ᠂ ᠡᠯ᠎ᠡ ᠨᠡᠶᠢᠭᠡᠮ ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠢ ᠰᠢᠪᠠᠳᠠᠨ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠳᠠᠪᠲᠠᠨ ᠪᠠᠶᠢᠴᠠᠭᠠᠵᠤ ᠰᠢᠯᠭᠠᠨ ᠠᠪᠬᠤ ᠠᠵᠢᠯ ᠢ ᠪᠠᠬᠢᠵᠢᠭᠦᠯᠬᠦ ᠶᠠᠪᠤᠳᠠᠯ ᠪᠠᠴᠢᠮ ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠡᠯ᠎ᠡ ᠨᠡᠶᠢᠭᠡᠮ ᠲᠣᠭᠤᠷᠢᠭ ᠂ ᠲᠣᠰᠬᠤᠨ ᠤ ᠠᠷᠠᠳ ᠤᠨ ᠵᠥᠪᠯᠡᠯ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠵᠦ᠂ ᠴᠠᠭ ᠮᠥᠴᠡ ᠶᠢ ᠠᠯᠳᠠᠯ ᠦᠭᠡᠢ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠰᠢᠯᠭᠠᠨ ᠦᠨᠡᠯᠡᠬᠦ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠵᠤ᠂ ᠪᠠᠲᠤᠳᠬᠠᠨ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠪᠣᠯᠤᠨ ᠪᠦᠬᠦ ᠪᠠᠯᠭᠠᠰᠤᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃                                   ᠵᠤᠬᠢᠶᠠᠭᠴᠢ᠄ ᠴᠧᠩ ᠭᠤᠸᠠᠨ ᠪᠠᠯᠭᠠᠰᠤ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3