ᠬᠡᠷᠬᠢᠨ ᠡᠮ ᠤᠨ ᠴᠢᠨᠠᠷᠲᠠᠢ ᠡᠯᠢᠭᠡᠨ ᠤ ᠭᠡᠮᠲᠦᠯ ᠢ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2023/6/17
    ᠶᠡᠷᠦ ᠶᠢᠨ ᠦᠭᠡᠨ ᠳᠤ ᠡᠮ ᠤᠨ ᠭᠤᠷᠪᠠᠨ ᠬᠤᠪᠢ ᠶᠢᠨ ᠬᠤᠣᠷ ᠭᠡᠳᠡᠭ᠃ ᠳᠠᠷᠤᠶ ᠠᠯᠢᠪᠠ ᠡᠮᠲᠦ ᠪᠣᠳᠠᠰ ᠴᠥᠮ ᠬᠤᠣᠷᠲᠤ ᠭᠠᠵᠢᠭᠤ ᠦᠢᠯᠡᠳᠦᠯ ᠲᠠᠢ᠂ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠪᠣᠯ ᠡᠮᠴᠢᠯᠡᠭᠡᠨ ᠳᠤ ᠬᠠᠮᠤᠭ ᠣᠯᠠᠨ ᠲᠣᠬᠢᠶᠠᠯᠳᠤᠳᠠᠭ ᠡᠮᠲᠦ ᠪᠣᠳᠠᠰ ᠤᠨ ᠭᠠᠵᠢᠭᠤ ᠤᠷᠪᠠᠯ ᠤᠨ ᠨᠢᠭᠡ ᠪᠣᠯᠤᠨ᠎ᠠ᠃ ᠡᠭᠦᠰᠬᠦ ᠨᠣᠷᠮ᠎ᠠ ᠪᠠᠷ ᠥᠨᠳᠥᠷ᠂ ᠵᠢᠱᠢᠯᠲᠡ ᠶᠢᠨ ᠴᠢᠨᠠᠷ ᠢᠶᠠᠷ ᠠᠨᠠᠶ᠂ ᠣᠨᠴᠠᠭᠠᠶ ᠴᠢᠨᠠᠷ ᠦᠭᠡᠢ ᠡᠮᠴᠢᠯᠡᠭᠡᠨ ᠤ ᠲᠥᠰᠦᠯ ᠨᠢ ᠡᠮ ᠤᠨ ᠴᠢᠨᠠᠷᠲᠠᠶ ᠡᠯᠢᠭᠡᠨ ᠤ ᠭᠡᠮᠲᠦᠯ ᠢ ᠡᠳᠦᠷ ᠢᠷᠡᠬᠦᠶ᠎ᠡ ᠬᠥᠮᠦᠨ ᠲᠥᠷᠥᠯᠬᠢᠲᠡᠨ ᠤ ᠡᠷᠡᠭᠦᠯ ᠮᠡᠨᠳᠦ ᠶᠢ ᠰᠦᠷᠳᠡᠭᠦᠯᠬᠦ ᠨᠢᠭᠤᠭᠳᠠᠮᠠᠯ ᠶᠠᠷᠭᠠᠴᠢᠨ ᠪᠣᠯᠭᠠᠵᠠᠶ᠃      ᠡᠮ ᠤᠨ ᠴᠢᠨᠠᠷᠲᠠᠶ ᠡᠯᠢᠭᠡᠨ ᠤ ᠭᠡᠮᠲᠦᠯ ᠢ ᠠᠮᠠᠷᠬᠠᠨ ᠰᠡᠷᠡᠵᠦ ᠮᠡᠳᠡᠬᠦ ᠦᠭᠡᠢ      ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠨᠢ ᠶᠡᠷᠦ ᠳᠡᠭᠡᠨ ᠡᠮ ᠬᠡᠷᠡᠭᠯᠡᠭᠡᠳ ᠬᠡᠳᠦᠨ ᠡᠳᠦᠷ ᠪᠤᠶᠤ ᠬᠡᠳᠦᠨ ᠰᠠᠷ᠎ᠠ ᠪᠣᠯᠤᠭᠰᠠᠨ ᠤ ᠳᠠᠷᠠᠭ᠎ᠠ᠂ ᠣᠯᠠᠩᠬᠢ ᠡᠪᠡᠳᠴᠢᠲᠡᠨ ᠳᠤ ᠢᠯᠡᠷᠬᠡᠶ ᠡᠮᠴᠢᠯᠡᠭᠡᠨ ᠤ ᠰᠢᠨᠵᠢ ᠲᠡᠮᠳᠡᠭ ᠢᠯᠡᠷᠡᠬᠦ ᠦᠭᠡᠢ᠂ ᠵᠥᠪᠬᠡᠨ ᠴᠢᠰᠤᠨ ᠴᠠᠶᠢᠪᠠᠩ ᠤᠨ ᠰᠢᠪᠲᠦᠷ ᠰᠢᠯᠵᠢᠭᠦᠯᠬᠦ ᠢᠰᠬᠡᠭᠦᠷ᠂ ᠱᠦᠯᠲᠦᠯᠢᠭ ᠹᠣᠰᠹᠣᠷ ᠬᠦᠴᠢᠯ ᠤᠨ ᠢᠰᠬᠡᠭᠦᠷ᠂ ᠰᠥᠰᠥᠨ ᠤ ᠤᠯᠠᠭᠠᠨ ᠡᠳ᠋ ᠵᠡᠷᠭᠡ ᠡᠯᠢᠭᠡᠨ ᠤ ᠠᠵᠢᠯᠯᠠᠭ᠎ᠠ ᠶᠢᠨ ᠵᠢᠭᠠᠯᠲᠠ ᠲᠤᠭ᠎ᠠ ᠬᠡᠪ ᠤᠨ ᠪᠤᠰᠤ ᠪᠠᠶᠢᠬᠤ ᠪᠠᠷ ᠢᠯᠡᠷᠡᠨ᠎ᠡ᠃ ᠵᠠᠷᠢᠮ ᠡᠪᠡᠳᠴᠢᠲᠡᠨ ᠳᠤ ᠶᠠᠳᠠᠷᠠᠬᠤ᠂ ᠬᠤᠭᠤᠯᠠ ᠭᠤᠯᠣᠬᠤ᠂ ᠳᠤᠷ᠎ᠠ ᠪᠤᠯᠭᠢᠬᠤ᠂ ᠢᠳᠡᠭᠡᠨ ᠤ ᠳᠤᠷᠠᠰᠢᠯ ᠮᠠᠭᠤᠳᠠᠬᠤ᠂ ᠬᠡᠪᠡᠯᠢ ᠶᠢᠨ ᠳᠡᠭᠡᠳᠦ ᠬᠡᠰᠡᠭ ᠢᠶᠠᠷ ᠡᠪ ᠦᠭᠡᠶᠢᠷᠡᠬᠦ᠂ ᠠᠷᠠᠰᠤᠨ ᠡᠰᠡᠷᠭᠡᠨ᠎ᠡ ᠭᠠᠷᠬᠤ᠂ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠢ ᠬᠠᠮᠲᠤ ᠳᠤᠨᠢ ᠬᠠᠪᠰᠤᠷᠭᠠᠵᠤ᠂ ᠴᠥᠭᠡᠨ ᠲᠣᠭᠠᠨ ᠤ ᠡᠪᠡᠳᠴᠢᠲᠡᠨ ᠳᠤ ᠰᠢᠷᠠᠯᠠᠬᠤ᠂ ᠴᠢᠰᠤ ᠡᠭᠡᠳᠡᠬᠦ ᠲᠣᠭᠲᠠᠴᠠ ᠶᠢᠨ ᠰᠠᠭᠠᠲᠠᠯ᠂ ᠡᠯᠢᠭᠡᠨ ᠤ ᠴᠢᠨᠠᠷᠲᠠᠶ ᠲᠠᠷᠢᠬᠢᠨ ᠤ ᠡᠪᠡᠳᠴᠢᠨ᠂ ᠰᠢᠩᠭᠡᠭᠡᠯᠲᠡ ᠶᠢᠨ ᠳᠡᠭᠡᠳᠦ ᠵᠠᠮ ᠠᠴᠠ ᠴᠢᠰᠤ ᠭᠠᠷᠬᠤ ᠵᠡᠷᠭᠡ ᠢᠯᠡᠷᠡᠯ ᠲᠠᠢ ᠪᠠᠶᠢᠳᠠᠭ᠃      ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠤᠨ ᠡᠮᠴᠢᠯᠡᠭᠡᠨ ᠤ ᠢᠯᠡᠷᠡᠯ ᠨᠢ ᠣᠯᠠᠨ ᠶᠠᠩᠵᠤᠲᠤ ᠴᠢᠨᠠᠷ ᠲᠠᠢ ᠪᠠᠷ ᠪᠠᠷᠠᠬᠤ ᠦᠭᠡᠢ᠂ ᠣᠨᠴᠠᠭᠠᠶ ᠴᠢᠨᠠᠷ ᠢᠶᠠᠷ ᠳᠤᠲᠠᠮᠠᠭ ᠪᠠᠶᠢᠳᠠᠭ᠂ ᠲᠡᠭᠦᠨ ᠤ ᠨᠡᠬᠡᠳᠡᠰᠦ ᠶᠢᠨ ᠰᠤᠳᠤᠯᠤᠯ ᠤᠨ ᠢᠯᠡᠷᠡᠯ ᠨᠢ ᠣᠯᠠᠨ ᠵᠦᠢᠯ ᠤᠨ ᠡᠯᠢᠭᠡᠨ ᠤ ᠡᠪᠡᠳᠴᠢᠨ ᠢ ᠳᠠᠭᠤᠷᠢᠶᠠᠬᠤ ᠶᠢᠨ ᠬᠠᠮᠲᠤ ᠪᠤᠰᠤᠳᠴᠢ᠂ ᠰᠣᠷᠭᠤᠭ ᠴᠢᠨᠠᠷ ᠪᠠ ᠣᠨᠴᠠᠭᠠᠶ ᠴᠢᠨᠠᠷ ᠤᠨ ᠠᠮᠢᠳᠤ ᠪᠣᠳᠠᠰ ᠤᠨ ᠲᠡᠮᠳᠡᠭ ᠪᠣᠳᠠᠰ ᠢᠶᠠᠷ ᠳᠤᠲᠠᠮᠠᠭ ᠪᠠᠶᠢᠵᠤ᠂ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠢ ᠤᠷᠢᠳᠴᠢᠯᠠᠨ ᠲᠥᠰᠦᠭᠡᠯᠡᠬᠦ ᠪᠠ ᠣᠨᠣᠰᠢᠯᠠᠬᠤ ᠳᠤ ᠬᠡᠷᠡᠭᠯᠡᠳᠡᠭ᠃ ᠣᠨᠣᠰᠢᠯᠠᠬᠤ ᠳᠤ ᠬᠦᠴᠢᠷ ᠲᠠᠢ ᠪᠣᠯᠤᠭᠰᠠᠨ ᠠᠴᠠ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠢ ᠠᠮᠠᠷᠬᠠᠨ ᠣᠨᠣᠰᠢᠯᠠᠬᠤ ᠪᠤᠶᠤ ᠪᠤᠷᠤᠭᠤ ᠣᠨᠣᠰᠢᠯᠠᠵᠤ᠂ ᠡᠪᠡᠳᠴᠢᠲᠡᠨ ᠤ ᠡᠷᠡᠭᠦᠯ ᠮᠡᠨᠳᠦ ᠳᠤ ᠳᠠᠯᠳᠠ ᠭᠡᠮ ᠢ ᠳᠠᠷᠤᠵᠤ ᠥᠭᠭᠦᠭᠰᠡᠨ ᠪᠠᠶᠢᠨ᠎ᠠ᠃     ᠡᠮ ᠠᠴᠠ ᠪᠣᠯᠤᠭᠰᠠᠨ ᠡᠯᠢᠭᠡᠨ ᠤ ᠭᠡᠮᠲᠦᠯ ᠢ ᠰᠡᠷᠡᠮᠵᠢᠯᠡᠬᠦ      ᠡᠯᠢᠭᠡ ᠪᠣᠯ ᠬᠥᠮᠦᠨ ᠤ ᠪᠡᠶ᠎ᠡ ᠶᠢᠨ ᠡᠮᠲᠦ ᠪᠣᠳᠠᠰ ᠤᠨ ᠰᠣᠯᠢᠯᠴᠠᠭ᠎ᠠ ᠶᠢᠨ ᠭᠤᠣᠯ ᠡᠷᠬᠡᠲᠡᠨ ᠮᠥᠨ᠂ ᠮᠥᠨ ᠴᠦ ᠡᠮᠲᠦ ᠪᠣᠳᠠᠰ ᠤᠨ ᠭᠡᠮᠲᠦᠯ ᠤᠨ ᠭᠤᠣᠯ ᠫᠠᠢ ᠡᠷᠬᠡᠲᠡᠨ ᠮᠥᠨ᠃ ᠣᠳᠣᠬᠠᠨ ᠳᠤ 1100 ᠭᠠᠷᠤᠶ ᠵᠦᠢᠯ ᠤᠨ ᠡᠮ ᠨᠢ ᠠᠳᠠᠯᠢ ᠪᠤᠰᠤ ᠬᠡᠮᠵᠢᠶ᠎ᠡ ᠪᠠᠷ ᠡᠯᠢᠭᠡᠨ ᠤ ᠭᠡᠮᠲᠦᠯ ᠢ ᠡᠭᠦᠰᠭᠡᠬᠦ ᠶᠢ ᠨᠢᠭᠡᠨᠲᠡ ᠮᠡᠳᠡᠭᠰᠡᠨ ᠪᠠᠶᠢᠨ᠎ᠠ᠃      ᠰᠦᠷᠢᠶ᠎ᠡ ᠶᠢ ᠡᠰᠡᠷᠭᠦᠴᠡᠬᠦ ᠡᠮ ᠳᠤ ᠦᠷᠭᠦᠯᠵᠢ ᠲᠣᠬᠢᠶᠠᠯᠳᠤᠳᠠᠭ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠢ ᠡᠭᠦᠰᠭᠡᠬᠦ ᠰᠦᠷᠢᠶ᠎ᠡ ᠶᠢ ᠡᠰᠡᠷᠭᠦᠴᠡᠬᠦ ᠡᠮ ᠳᠤ ᠷᠢᠮᠢᠹᠣᠨ᠂ ᠷᠢᠹᠤᠫᠢᠨ᠂ ᠫᠢᠷᠠᠽᠢᠨ ᠠᠮᠢᠨ᠂ ᠯᠢᠶᠠᠨ ᠮᠧᠶ ᠰᠦ ᠵᠡᠷᠭᠡ ᠪᠣᠢ᠂ ᠲᠡᠳᠡᠭᠡᠷ ᠨᠢ ᠪᠦᠷ ᠢᠯᠡᠷᠬᠡᠶ ᠡᠯᠢᠭᠡᠨ ᠤ ᠬᠤᠣᠷᠳᠠᠯᠭ᠎ᠠ ᠲᠠᠢ ᠪᠥᠭᠡᠳ ᠭᠤᠷᠪᠠᠭᠤᠯᠠ ᠶᠢ ᠬᠠᠮᠲᠤᠷᠠᠭᠤᠯᠤᠨ ᠬᠡᠷᠡᠭᠯᠡᠪᠡᠯ ᠡᠯᠢᠭᠡᠨ ᠤ ᠭᠡᠮᠲᠦᠯ ᠤᠨ ᠲᠦᠭᠰᠢᠭᠦᠷᠢ ᠶᠢ ᠨᠡᠮᠡᠭᠳᠡᠭᠦᠯᠦᠨ᠎ᠡ᠃      ᠬᠠᠪᠤᠳᠠᠷ ᠢ ᠡᠰᠡᠷᠭᠦᠴᠡᠬᠦ ᠡᠮ ᠬᠠᠪᠤᠳᠠᠷ ᠢ ᠡᠰᠡᠷᠭᠦᠴᠡᠬᠦ ᠬᠢᠮᠢ ᠶᠢᠨ ᠵᠠᠰᠠᠯᠭ᠎ᠠ ᠶᠢᠨ ᠡᠮ ᠤᠨ ᠴᠢᠨᠠᠷᠲᠠᠶ ᠡᠯᠢᠭᠡᠨ ᠤ ᠭᠡᠮᠲᠦᠯ ᠨᠢ ᠮᠠᠨ ᠤ ᠤᠯᠤᠰ ᠤᠨ ᠡᠮ ᠤᠨ ᠴᠢᠨᠠᠷᠲᠠᠶ ᠡᠯᠢᠭᠡᠨ ᠤ ᠭᠡᠮᠲᠦᠯ ᠤᠨ ᠭᠤᠷᠪᠠᠳᠤᠭᠠᠷ ᠪᠠᠶᠢᠷᠢ ᠶᠢ ᠡᠵᠡᠯᠡᠨ᠎ᠡ ︵8.34%︶᠃ ᠪᠠᠷᠤᠭ ᠠᠯᠢᠪᠠ ᠬᠢᠮᠢ ᠶᠢᠨ ᠵᠠᠰᠠᠯᠭ᠎ᠠ ᠶᠢᠨ ᠡᠮ ᠨᠢ ᠪᠦᠷ ᠡᠮ ᠤᠨ ᠴᠢᠨᠠᠷᠲᠠᠶ ᠡᠯᠢᠭᠡᠨ ᠤ ᠭᠡᠮᠲᠦᠯ ᠢ ᠡᠭᠦᠰᠭᠡᠳᠡᠭ᠂ ᠬᠠᠷᠢᠨ ᠣᠯᠠᠨ ᠱᠤᠭᠤᠮᠲᠤ ᠬᠢᠮᠢ ᠶᠢᠨ ᠵᠠᠰᠠᠯᠭ᠎ᠠ ᠶᠢᠨ ᠡᠮ ᠤᠨ ᠬᠡᠮᠵᠢᠶ᠎ᠡ ᠨᠢ ᠬᠡᠳᠦ ᠶᠡᠭᠡ ᠪᠣᠯ ᠡᠯᠢᠭᠡᠨ ᠤ ᠰᠠᠭᠤᠷᠢ ᠡᠪᠡᠳᠴᠢᠨ ᠲᠠᠢ ᠡᠪᠡᠳᠴᠢᠲᠡᠨ᠂ ᠨᠠᠰᠤ ᠠᠬᠢᠭᠰᠠᠳ᠂ ᠥᠩᠭᠡᠷᠡᠭᠰᠡᠨ ᠤ ᠠᠷᠢᠬᠢᠨ ᠳᠤ ᠰᠣᠭᠲᠣᠭᠰᠠᠳ᠂ ᠳᠤᠮᠳᠠ ᠵᠡᠷᠭᠡ ᠶᠢᠨ ᠰᠢᠮ᠎ᠡ ᠲᠡᠵᠢᠭᠡᠯ ᠮᠠᠭᠤ ᠬᠠᠪᠤᠳᠠᠷ ᠲᠠᠢ ᠡᠪᠡᠳᠴᠢᠲᠡᠨ᠂ ᠬᠠᠪᠰᠤᠷᠭᠠᠨ ᠬᠡᠷᠡᠭᠯᠡᠬᠦ ᠡᠮ ᠤᠨ ᠬᠡᠮᠵᠢᠶ᠎ᠡ ᠨᠢ ᠨᠡᠯᠢᠶᠡᠳ ᠠᠷᠪᠢᠨ ᠬᠥᠮᠦᠰ ᠤᠨ ᠡᠭᠦᠰᠬᠦ ᠨᠤᠷᠮ᠎ᠠ ᠨᠢ ᠨᠡᠩ ᠥᠨᠳᠥᠷ ᠪᠠᠶᠢᠳᠠᠭ᠃      ᠲᠥᠪ ᠮᠡᠳᠡᠷᠡᠯ ᠤᠨ ᠰᠢᠰᠲ᠋ᠧᠮ ᠤᠨ ᠡᠮᠲᠦ ᠪᠣᠳᠠᠰ ᠨᠢ ᠤᠺᠠᠰᠢᠫᠢᠩ᠂ ᠺᠠᠮᠠᠰᠢᠫᠢᠩ᠂ ᠳ᠋ᠢᠰᠢᠫᠤᠨ ᠵᠡᠷᠭᠡ ᠳᠤ ᠦᠷᠭᠦᠯᠵᠢ ᠲᠣᠬᠢᠶᠠᠯᠳᠤᠳᠠᠭ᠂ ᠡᠨᠡ ᠲᠥᠷᠥᠯ ᠤᠨ ᠡᠮᠲᠦ ᠪᠣᠳᠠᠰ ᠢ ᠶᠡᠷᠦ ᠳᠡᠭᠡᠨ ᠦᠶᠡᠯᠡᠬᠦ ᠬᠤᠭᠤᠴᠠᠭ᠎ᠠ ᠨᠢ ᠤᠷᠲᠤ ᠂ ᠬᠠᠮᠲᠤᠷᠠᠭᠤᠯᠤᠨ ᠬᠡᠷᠡᠭᠯᠡᠬᠦ ᠡᠮ ᠨᠢ ᠠᠷᠪᠢᠨ᠂ ᠡᠯᠢᠭᠡᠨ ᠤ ᠠᠵᠢᠯᠯᠠᠭ᠎ᠠ ᠳᠤ ᠨᠡᠩ ᠠᠮᠠᠷᠬᠠᠨ ᠮᠠᠭᠤ ᠨᠥᠯᠥᠭᠡ ᠦᠵᠡᠭᠦᠯᠦᠨ᠎ᠡ᠃ ᠡᠨᠡ ᠲᠥᠷᠥᠯ ᠤᠨ ᠡᠮᠲᠦ ᠪᠣᠳᠠᠰ ᠢ ᠬᠡᠷᠡᠭᠯᠡᠬᠦ ᠳᠤ ᠦᠶᠡᠯᠡᠬᠦ ᠬᠤᠭᠤᠴᠠᠭ᠎ᠠ ᠨᠢ ᠤᠷᠲᠤ᠂ ᠬᠠᠮᠲᠤᠷᠠᠭᠤᠯᠤᠨ ᠬᠡᠷᠡᠭᠯᠡᠬᠦ ᠡᠮ ᠨᠢ ᠠᠷᠪᠢᠨ᠂ ᠡᠯᠢᠭᠡᠨ ᠤ ᠠᠵᠢᠯᠯᠠᠭ᠎ᠠ ᠶᠢ ᠨᠥᠯᠥᠭᠡᠯᠡᠬᠦ ᠳᠤ ᠨᠡᠩ ᠬᠢᠯᠪᠠᠷ ᠪᠠᠶᠢᠳᠠᠭ᠃      ᠵᠢᠷᠦᠬᠡᠨ ᠤ ᠴᠢᠰᠤᠨ ᠰᠤᠳᠠᠯ ᠤᠨ ᠰᠢᠰᠲ᠋ᠧᠮ ᠤᠨ ᠡᠮ ᠨᠢ ᠦᠷᠭᠦᠯᠵᠢ ᠪᠧᠶᠢᠲ ᠲᠥᠷᠥᠯ ︵ᠹᠧᠨᠣᠪᠧᠲ︶᠂ ᠥᠭᠡᠬᠦ ᠶᠢ ᠪᠠᠭᠤᠷᠠᠭᠤᠯᠬᠤ ᠡᠮ ︵ᠠᠲ᠋ᠤᠹᠠᠲ᠋ᠠᠲ᠋ᠢᠨ᠂ ᠷᠦᠢᠱᠦ᠋ᠹᠠᠲ᠋ᠠᠲ᠋ᠢᠨ︶᠂ ᠴᠢᠰᠤᠨ ᠳᠠᠷᠤᠯᠲᠠ ᠶᠢ ᠪᠠᠭᠤᠷᠠᠭᠤᠯᠬᠤ ᠡᠮ ︵ᠺᠠᠲ᠋ᠤᠫᠯᠢ᠂ ᠫᠯᠤᠨᠠᠹᠯ᠂ ᠮᠤᠲ᠋ᠤᠯᠤᠷ︶᠂ ᠵᠢᠷᠦᠬᠡᠨ ᠤ ᠠᠶᠢᠵᠢᠮ ᠬᠡᠪ ᠢᠶᠠᠨ ᠠᠯᠳᠠᠬᠤ ᠶᠢ ᠡᠰᠡᠷᠭᠦᠴᠡᠬᠦ ᠡᠮ ︵ᠮᠧᠽᠧᠯᠢᠤ᠋᠂ ᠠᠮᠢᠨ ᠢᠣᠳ᠋ᠲᠤ ᠺᠤᠲ᠋ᠤᠨ︶᠎ ᠳᠤ ᠣᠯᠠᠨ ᠲᠣᠬᠢᠶᠠᠯᠳᠤᠳᠠᠭ᠂ ᠵᠢᠷᠦᠬᠡᠨ ᠤ ᠠᠶᠢᠵᠢᠮ ᠬᠡᠪ ᠢᠶᠠᠨ ᠠᠯᠳᠠᠬᠤ ᠶᠢ ᠡᠰᠡᠷᠭᠦᠴᠡᠬᠦ ᠡᠮ ︵ᠮᠧᠽᠧᠯᠢᠤ᠋᠂ ᠠᠮᠢᠨ ᠢᠣᠳ᠋ᠲᠤ ᠺᠤᠲ᠋ᠤᠨ︶᠎ ᠳᠤ ᠦᠷᠭᠦᠯᠵᠢ ᠲᠣᠬᠢᠶᠠᠯᠳᠤᠳᠠᠭ᠃      ᠡᠭᠦᠨ ᠠᠴᠠ ᠭᠠᠳᠠᠨ᠎ᠠ᠂ ᠭᠤᠨᠠᠨ ᠪᠤᠰᠤ ᠪᠡᠶ᠎ᠡ ᠶᠢᠨ ᠦᠷᠪᠢᠰᠦᠯ ᠢ ᠳᠠᠷᠤᠬᠤ ᠡᠮ ︵ᠠᠼᠤᠲ᠋ᠢᠯ ᠠᠮᠢᠨᠣ᠋ ᠹᠤᠨᠤᠯ ᠂ ᠠᠮᠢᠨᠣ᠋ ᠰᠠᠯᠢᠼᠢᠯ ᠬᠦᠴᠢᠯ ᠤᠨ ᠨᠠᠲᠷᠢ᠂ ᠠᠰᠫᠢᠷᠢᠨ᠂ ᠪᠷᠤᠹᠤᠨ︶᠂ ᠰᠣᠯᠢᠯᠴᠠᠭ᠎ᠠ ᠶᠢᠨ ᠴᠢᠨᠠᠷᠲᠠᠶ ᠡᠪᠡᠳᠴᠢᠨ ᠳᠤ ᠬᠡᠷᠡᠭᠯᠡᠬᠦ ᠡᠮ ︵ᠢ ᠳ᠋ᠤᠤ ᠰᠦ᠂ ᠬᠤᠶᠠᠷ ᠮᠧᠲ᠋ᠢᠯᠲᠦ ᠬᠤᠣᠰ ᠭᠤᠸᠠᠨᠢᠳᠢᠨ ︵ᠬᠤᠶᠠᠷ ᠮᠧᠲ᠋ᠢᠯᠲᠦ ᠬᠤᠣᠰ ᠭᠤᠸᠠᠨᠢᠳᠢᠨ︶᠂ ᠤᠯᠠᠭᠠᠨ ᠬᠦᠬᠦᠷᠲᠦ ᠬᠦᠴᠢᠯᠲᠥ᠋ᠷᠥᠭᠴᠢᠲᠦ ᠫᠢᠷᠢᠮᠢᠳᠢᠨ ᠵᠡᠷᠭᠡ︶᠂ ᠬᠤᠷᠮᠣᠨ ᠤ ᠲᠥᠷᠥᠯ ᠤᠨ ᠡᠮ ︵ᠮᠧᠲ᠋ᠢᠯ ᠤᠰᠤᠮᠠᠭᠲᠤ ᠵᠢᠷᠮᠦᠰᠦᠨ ᠤ ᠺᠤᠲ᠋ᠤᠨ᠂ ᠪᠠᠮᠪᠠᠢ ᠪᠤᠯᠴᠢᠷᠬᠠᠶ ᠶᠢᠨ ᠬᠠᠪᠲᠠᠭᠠᠶ ᠵᠡᠷᠭᠡ︶᠂ ᠠᠮᠢᠳᠤ ᠪᠣᠳᠠᠰ ᠤᠨ ᠨᠠᠶᠢᠷᠠᠯᠭ᠎ᠠ ︵ᠢᠨᠹᠷᠢᠰᠺᠢᠲ᠋ᠠᠨ ︵ᠢᠨᠹᠯᠢᠰᠺᠢᠲ᠋ᠠᠨ ︵Bermichers︶᠎ ᠨᠢ ᠡᠮᠴᠢᠯᠡᠭᠡᠨ ᠳᠡᠭᠡᠷ᠎ᠡ ᠪᠠᠰᠠ ᠡᠯᠢᠭᠡ ᠶᠢ ᠭᠡᠮᠲᠦᠭᠡᠭᠰᠡᠨ ᠬᠡᠷᠡᠭ ᠤᠨ ᠵᠢᠱᠢᠶ᠎ᠡ ᠭᠠᠷᠳᠠᠭ᠃ ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ ᠡᠪᠡᠳᠴᠢᠲᠡᠨ ᠣᠨᠴᠠᠭᠠᠶᠢᠯᠠᠨ ᠠᠩᠬᠠᠷᠬᠤ ᠬᠡᠷᠡᠭᠲᠡᠶ᠃      ᠬᠡᠷᠬᠢᠨ ᠡᠮ ᠤᠨ ᠴᠢᠨᠠᠷᠲᠠᠢ ᠡᠯᠢᠭᠡᠨ ᠤ ᠭᠡᠮᠲᠦᠯ ᠢ ᠰᠡᠷᠭᠡᠶᠢᠯᠡᠬᠦ ᠪᠤᠢ      ᠬᠡᠳᠦ᠋ᠢᠪᠡᠷ ᠮᠠᠰᠢ ᠣᠯᠠᠨ ᠡᠮ ᠨᠢ ᠡᠯᠢᠭᠡᠨ ᠤ ᠬᠤᠣᠷᠳᠠᠯᠭ᠎ᠠ ᠶᠢᠨ ᠴᠢᠨᠠᠷ ᠲᠠᠢ ᠪᠣᠯᠪᠠᠴᠤ ᠣᠯᠠᠨ ᠢᠶᠠᠷ ᠢᠶᠠᠨ ᠡᠮ ᠤᠨ ᠥᠩᠭᠡ ᠶᠢᠨ ᠬᠤᠪᠢᠷᠠᠯᠲᠠ ᠶᠢ ᠶᠠᠷᠢᠬᠤ ᠴᠢᠬᠤᠯᠠ ᠦᠭᠡᠢ᠂ ᠡᠮᠴᠢ ᠶᠢᠨ ᠵᠢᠭᠠᠪᠤᠷᠢ ᠶᠢ ᠳᠠᠭᠠᠵᠤ᠂ ᠵᠣᠬᠢᠰᠲᠠᠶ ᠬᠡᠷᠡᠭᠯᠡᠬᠦ ᠨᠢ ᠰᠠᠶ᠋ᠢ ᠡᠮ ᠤᠨ ᠴᠢᠨᠠᠷᠲᠠᠶ ᠡᠯᠢᠭᠡᠨ ᠤ ᠭᠡᠮᠲᠦᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠶᠢᠨ ᠵᠠᠩᠭᠢᠯᠠᠭ᠎ᠠ ᠪᠣᠯᠤᠨ᠎ᠠ᠃      ᠨᠢᠭᠡᠳᠦᠭᠡᠷ ᠲᠤ᠂ ᠣᠨᠴᠠ ᠵᠣᠷ᠂ ᠲᠤᠷᠰᠢᠯᠭᠠᠲᠤ ᠵᠣᠷ᠂ ᠵᠠᠷ ᠵᠡᠷᠭᠡ ᠶᠢ ᠰᠣᠬᠤᠷ ᠪᠠᠯᠠᠶ ᠪᠠᠷ ᠢᠲᠡᠭᠡᠵᠦ ᠪᠣᠯᠬᠤ ᠦᠭᠡᠢ᠂ ᠬᠢᠲᠠᠳ ᠡᠪᠡᠰᠦᠨ ᠡᠮ ᠵᠢᠴᠢ ᠬᠠᠮᠢᠶ᠎ᠠ ᠪᠦᠬᠦᠢ ᠨᠠᠶᠢᠷᠠᠯᠭ᠎ᠠ ᠶᠢ ᠰᠣᠬᠤᠷ ᠪᠠᠯᠠᠶ ᠪᠠᠷ ᠳᠠᠭᠠᠵᠤ ᠬᠡᠷᠡᠭᠯᠡᠬᠦ ᠶᠢ ᠴᠡᠭᠡᠷᠯᠡᠵᠦ᠂ ᠪᠦᠷᠢᠯᠳᠦᠬᠦᠨ ᠨᠢ ᠲᠣᠳᠣᠷᠬᠠᠶ ᠦᠭᠡᠢ ᠡᠮ ᠢ ᠬᠠᠮᠤᠭ ᠰᠠᠶᠢᠨ ᠨᠢ ᠤᠤᠭᠤᠬᠤ ᠦᠭᠡᠢ ᠪᠠᠶᠢᠬᠤ ᠬᠡᠷᠡᠭᠲᠡᠶ᠃      ᠬᠤᠶᠠᠳᠤᠭᠠᠷ ᠲᠤ᠂ ᠡᠷᠬᠡᠪᠰᠢ ᠡᠮ ᠬᠡᠷᠡᠭᠯᠡᠬᠦ ᠴᠢᠬᠤᠯᠠ ᠲᠠᠢ ᠪᠣᠯ ᠡᠮᠴᠢ ᠪᠤᠶᠤ ᠡᠮᠴᠢ ᠲᠠᠢ ᠬᠠᠮᠲᠤ ᠪᠠᠷ ᠡᠮ ᠤᠨ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠡᠮᠴᠢᠯᠡᠭᠡᠨ ᠤ ᠬᠤᠭᠤᠴᠠᠭ᠎ᠠ ᠵᠡᠷᠭᠡ ᠶᠢ ᠨᠠᠷᠢᠨ ᠮᠠᠭᠠᠳᠯᠠᠬᠤ ᠶᠢᠨ ᠬᠠᠮᠲᠤ ᠬᠡᠷᠡᠭᠯᠡᠬᠦ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠶ᠃      ᠭᠤᠷᠪᠠᠳᠤᠭᠠᠷ ᠲᠤ᠂ ᠤᠷᠲᠤ ᠬᠤᠭᠤᠴᠠᠭ᠎ᠠ ᠪᠠᠷ ᠡᠮ ᠤᠤᠭᠤᠭᠰᠠᠨ ᠡᠪᠡᠳᠴᠢᠲᠡᠨ ᠴᠠᠭ ᠲᠤᠬᠠᠶ ᠳᠤᠨᠢ ᠡᠯᠢᠭᠡᠨ ᠤ ᠠᠵᠢᠯᠯᠠᠭ᠎ᠠ ᠶᠢ ᠰᠢᠯᠭᠠᠨ ᠪᠠᠶᠢᠴᠠᠭᠠᠵᠤ᠂ ᠡᠷᠲᠡ ᠢᠯᠡᠷᠡᠭᠦᠯᠦᠨ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ ᠬᠡᠷᠡᠭᠲᠡᠶ᠃ ᠨᠢᠭᠡᠨᠲᠡ ᠡᠮ ᠤᠨ ᠴᠢᠨᠠᠷᠲᠠᠶ ᠡᠯᠢᠭᠡᠨ ᠤ ᠭᠡᠮᠲᠦᠯ ᠲᠠᠢ ᠪᠣᠯᠤᠭᠰᠠᠨ ᠡᠪᠡᠳᠴᠢᠲᠡᠨ ᠴᠠᠭ ᠲᠤᠬᠠᠶ ᠳᠤᠨᠢ ᠡᠮ ᠢᠶᠠᠨ ᠵᠣᠭᠰᠣᠬᠤ ᠶᠢᠨ ᠬᠠᠮᠲᠤ ᠲᠥᠯᠥᠪᠯᠡᠭᠡ ᠲᠠᠢ᠂ ᠪᠦᠬᠦ ᠲᠠᠯ᠎ᠠ ᠪᠠᠷ ᠡᠮᠨᠡᠨ ᠵᠠᠰᠠᠵᠤ᠂ ᠡᠪᠡᠳᠴᠢᠨ ᠤ ᠬᠦᠨᠳᠦᠷᠡᠬᠦ ᠪᠠ ᠳᠠᠪᠬᠤᠴᠠᠭᠰᠠᠨ ᠡᠪᠡᠳᠴᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃                                   ᠢᠷᠡᠯᠲᠡ᠄  ᠡᠷᠡᠭᠦᠯ ᠴᠢᠬᠢᠷᠠᠭ ᠳᠤᠮᠳᠠᠳᠦ ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3