ᠶᠡᠷᠦ ᠶᠢᠨ ᠦᠭᠡᠨ ᠳᠤ ᠡᠮ ᠤᠨ ᠭᠤᠷᠪᠠᠨ ᠬᠤᠪᠢ ᠶᠢᠨ ᠬᠤᠣᠷ ᠭᠡᠳᠡᠭ᠃ ᠳᠠᠷᠤᠶ ᠠᠯᠢᠪᠠ ᠡᠮᠲᠦ ᠪᠣᠳᠠᠰ | ᠴᠥᠮ ᠬᠤᠣᠷᠲᠤ ᠭᠠᠵᠢᠭᠤ ᠦᠢᠯᠡᠳᠦᠯ ᠲᠠᠢ᠂ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠪᠣᠯ | ᠡᠮᠴᠢᠯᠡᠭᠡᠨ ᠳᠤ ᠬᠠᠮᠤᠭ ᠣᠯᠠᠨ ᠲᠣᠬᠢᠶᠠᠯᠳᠤᠳᠠᠭ ᠡᠮᠲᠦ ᠪᠣᠳᠠᠰ ᠤᠨ ᠭᠠᠵᠢᠭᠤ ᠤᠷᠪᠠᠯ ᠤᠨ ᠨᠢᠭᠡ ᠪᠣᠯᠤᠨ᠎ᠠ᠃ | ᠡᠭᠦᠰᠬᠦ ᠨᠣᠷᠮ᠎ᠠ ᠪᠠᠷ ᠥᠨᠳᠥᠷ᠂ ᠵᠢᠱᠢᠯᠲᠡ ᠶᠢᠨ ᠴᠢᠨᠠᠷ ᠢᠶᠠᠷ ᠠᠨᠠᠶ᠂ ᠣᠨᠴᠠᠭᠠᠶ ᠴᠢᠨᠠᠷ ᠦᠭᠡᠢ ᠡᠮᠴᠢᠯᠡᠭᠡᠨ ᠤ | ᠲᠥᠰᠦᠯ ᠨᠢ ᠡᠮ ᠤᠨ ᠴᠢᠨᠠᠷᠲᠠᠶ ᠡᠯᠢᠭᠡᠨ ᠤ ᠭᠡᠮᠲᠦᠯ ᠢ ᠡᠳᠦᠷ ᠢᠷᠡᠬᠦᠶ᠎ᠡ ᠬᠥᠮᠦᠨ ᠲᠥᠷᠥᠯᠬᠢᠲᠡᠨ ᠤ ᠡᠷᠡᠭᠦᠯ | ᠮᠡᠨᠳᠦ ᠶᠢ ᠰᠦᠷᠳᠡᠭᠦᠯᠬᠦ ᠨᠢᠭᠤᠭᠳᠠᠮᠠᠯ ᠶᠠᠷᠭᠠᠴᠢᠨ ᠪᠣᠯᠭᠠᠵᠠᠶ᠃ | ᠡᠮ ᠤᠨ ᠴᠢᠨᠠᠷᠲᠠᠶ ᠡᠯᠢᠭᠡᠨ ᠤ ᠭᠡᠮᠲᠦᠯ ᠢ ᠠᠮᠠᠷᠬᠠᠨ ᠰᠡᠷᠡᠵᠦ ᠮᠡᠳᠡᠬᠦ ᠦᠭᠡᠢ | ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠨᠢ ᠶᠡᠷᠦ ᠳᠡᠭᠡᠨ ᠡᠮ ᠬᠡᠷᠡᠭᠯᠡᠭᠡᠳ ᠬᠡᠳᠦᠨ ᠡᠳᠦᠷ ᠪᠤᠶᠤ | ᠬᠡᠳᠦᠨ ᠰᠠᠷ᠎ᠠ ᠪᠣᠯᠤᠭᠰᠠᠨ ᠤ ᠳᠠᠷᠠᠭ᠎ᠠ᠂ ᠣᠯᠠᠩᠬᠢ ᠡᠪᠡᠳᠴᠢᠲᠡᠨ ᠳᠤ ᠢᠯᠡᠷᠬᠡᠶ ᠡᠮᠴᠢᠯᠡᠭᠡᠨ ᠤ ᠰᠢᠨᠵᠢ ᠲᠡᠮᠳᠡᠭ | ᠢᠯᠡᠷᠡᠬᠦ ᠦᠭᠡᠢ᠂ ᠵᠥᠪᠬᠡᠨ ᠴᠢᠰᠤᠨ ᠴᠠᠶᠢᠪᠠᠩ ᠤᠨ ᠰᠢᠪᠲᠦᠷ ᠰᠢᠯᠵᠢᠭᠦᠯᠬᠦ ᠢᠰᠬᠡᠭᠦᠷ᠂ ᠱᠦᠯᠲᠦᠯᠢᠭ ᠹᠣᠰᠹᠣᠷ | ᠬᠦᠴᠢᠯ ᠤᠨ ᠢᠰᠬᠡᠭᠦᠷ᠂ ᠰᠥᠰᠥᠨ ᠤ ᠤᠯᠠᠭᠠᠨ ᠡᠳ᠋ ᠵᠡᠷᠭᠡ ᠡᠯᠢᠭᠡᠨ ᠤ ᠠᠵᠢᠯᠯᠠᠭ᠎ᠠ ᠶᠢᠨ ᠵᠢᠭᠠᠯᠲᠠ ᠲᠤᠭ᠎ᠠ | ᠬᠡᠪ ᠤᠨ ᠪᠤᠰᠤ ᠪᠠᠶᠢᠬᠤ ᠪᠠᠷ ᠢᠯᠡᠷᠡᠨ᠎ᠡ᠃ ᠵᠠᠷᠢᠮ ᠡᠪᠡᠳᠴᠢᠲᠡᠨ ᠳᠤ ᠶᠠᠳᠠᠷᠠᠬᠤ᠂ ᠬᠤᠭᠤᠯᠠ ᠭᠤᠯᠣᠬᠤ᠂ ᠳᠤᠷ᠎ᠠ | ᠪᠤᠯᠭᠢᠬᠤ᠂ ᠢᠳᠡᠭᠡᠨ ᠤ ᠳᠤᠷᠠᠰᠢᠯ ᠮᠠᠭᠤᠳᠠᠬᠤ᠂ ᠬᠡᠪᠡᠯᠢ ᠶᠢᠨ ᠳᠡᠭᠡᠳᠦ ᠬᠡᠰᠡᠭ ᠢᠶᠠᠷ ᠡᠪ ᠦᠭᠡᠶᠢᠷᠡᠬᠦ᠂ ᠠᠷᠠᠰᠤᠨ | ᠡᠰᠡᠷᠭᠡᠨ᠎ᠡ ᠭᠠᠷᠬᠤ᠂ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠢ ᠬᠠᠮᠲᠤ ᠳᠤᠨᠢ ᠬᠠᠪᠰᠤᠷᠭᠠᠵᠤ᠂ ᠴᠥᠭᠡᠨ | ᠲᠣᠭᠠᠨ ᠤ ᠡᠪᠡᠳᠴᠢᠲᠡᠨ ᠳᠤ ᠰᠢᠷᠠᠯᠠᠬᠤ᠂ ᠴᠢᠰᠤ ᠡᠭᠡᠳᠡᠬᠦ ᠲᠣᠭᠲᠠᠴᠠ ᠶᠢᠨ ᠰᠠᠭᠠᠲᠠᠯ᠂ ᠡᠯᠢᠭᠡᠨ ᠤ ᠴᠢᠨᠠᠷᠲᠠᠶ | ᠲᠠᠷᠢᠬᠢᠨ ᠤ ᠡᠪᠡᠳᠴᠢᠨ᠂ ᠰᠢᠩᠭᠡᠭᠡᠯᠲᠡ ᠶᠢᠨ ᠳᠡᠭᠡᠳᠦ ᠵᠠᠮ ᠠᠴᠠ ᠴᠢᠰᠤ ᠭᠠᠷᠬᠤ ᠵᠡᠷᠭᠡ ᠢᠯᠡᠷᠡᠯ ᠲᠠᠢ ᠪᠠᠶᠢᠳᠠᠭ᠃ | ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠤᠨ ᠡᠮᠴᠢᠯᠡᠭᠡᠨ ᠤ ᠢᠯᠡᠷᠡᠯ ᠨᠢ ᠣᠯᠠᠨ ᠶᠠᠩᠵᠤᠲᠤ | ᠴᠢᠨᠠᠷ ᠲᠠᠢ ᠪᠠᠷ ᠪᠠᠷᠠᠬᠤ ᠦᠭᠡᠢ᠂ ᠣᠨᠴᠠᠭᠠᠶ ᠴᠢᠨᠠᠷ ᠢᠶᠠᠷ ᠳᠤᠲᠠᠮᠠᠭ ᠪᠠᠶᠢᠳᠠᠭ᠂ ᠲᠡᠭᠦᠨ ᠤ ᠨᠡᠬᠡᠳᠡᠰᠦ ᠶᠢᠨ | ᠰᠤᠳᠤᠯᠤᠯ ᠤᠨ ᠢᠯᠡᠷᠡᠯ ᠨᠢ ᠣᠯᠠᠨ ᠵᠦᠢᠯ ᠤᠨ ᠡᠯᠢᠭᠡᠨ ᠤ ᠡᠪᠡᠳᠴᠢᠨ ᠢ ᠳᠠᠭᠤᠷᠢᠶᠠᠬᠤ ᠶᠢᠨ ᠬᠠᠮᠲᠤ ᠪᠤᠰᠤᠳᠴᠢ᠂ | ᠰᠣᠷᠭᠤᠭ ᠴᠢᠨᠠᠷ ᠪᠠ ᠣᠨᠴᠠᠭᠠᠶ ᠴᠢᠨᠠᠷ ᠤᠨ ᠠᠮᠢᠳᠤ ᠪᠣᠳᠠᠰ ᠤᠨ ᠲᠡᠮᠳᠡᠭ ᠪᠣᠳᠠᠰ ᠢᠶᠠᠷ ᠳᠤᠲᠠᠮᠠᠭ ᠪᠠᠶᠢᠵᠤ᠂ ᠡᠮᠲᠦ | ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠢ ᠤᠷᠢᠳᠴᠢᠯᠠᠨ ᠲᠥᠰᠦᠭᠡᠯᠡᠬᠦ ᠪᠠ ᠣᠨᠣᠰᠢᠯᠠᠬᠤ ᠳᠤ ᠬᠡᠷᠡᠭᠯᠡᠳᠡᠭ᠃ | ᠣᠨᠣᠰᠢᠯᠠᠬᠤ ᠳᠤ ᠬᠦᠴᠢᠷ ᠲᠠᠢ ᠪᠣᠯᠤᠭᠰᠠᠨ ᠠᠴᠠ ᠡᠮᠲᠦ ᠪᠣᠳᠠᠰ ᠤᠨ ᠴᠢᠨᠠᠷᠲᠠᠶ ᠡᠯᠢᠭᠡᠨ ᠤ ᠭᠡᠮᠲᠦᠯ ᠢ ᠠᠮᠠᠷᠬᠠᠨ | ᠣᠨᠣᠰᠢᠯᠠᠬᠤ ᠪᠤᠶᠤ ᠪᠤᠷᠤᠭᠤ ᠣᠨᠣᠰᠢᠯᠠᠵᠤ᠂ ᠡᠪᠡᠳᠴᠢᠲᠡᠨ ᠤ ᠡᠷᠡᠭᠦᠯ ᠮᠡᠨᠳᠦ ᠳᠤ ᠳᠠᠯᠳᠠ ᠭᠡᠮ ᠢ ᠳᠠᠷᠤᠵᠤ | ᠥᠭᠭᠦᠭᠰᠡᠨ ᠪᠠᠶᠢᠨ᠎ᠠ᠃ | ᠡᠮ ᠠᠴᠠ ᠪᠣᠯᠤᠭᠰᠠᠨ ᠡᠯᠢᠭᠡᠨ ᠤ ᠭᠡᠮᠲᠦᠯ ᠢ ᠰᠡᠷᠡᠮᠵᠢᠯᠡᠬᠦ | ᠡᠯᠢᠭᠡ ᠪᠣᠯ ᠬᠥᠮᠦᠨ ᠤ ᠪᠡᠶ᠎ᠡ ᠶᠢᠨ ᠡᠮᠲᠦ ᠪᠣᠳᠠᠰ ᠤᠨ ᠰᠣᠯᠢᠯᠴᠠᠭ᠎ᠠ ᠶᠢᠨ ᠭᠤᠣᠯ ᠡᠷᠬᠡᠲᠡᠨ ᠮᠥᠨ᠂ ᠮᠥᠨ | ᠴᠦ ᠡᠮᠲᠦ ᠪᠣᠳᠠᠰ ᠤᠨ ᠭᠡᠮᠲᠦᠯ ᠤᠨ ᠭᠤᠣᠯ ᠫᠠᠢ ᠡᠷᠬᠡᠲᠡᠨ ᠮᠥᠨ᠃ ᠣᠳᠣᠬᠠᠨ ᠳᠤ 1100 ᠭᠠᠷᠤᠶ ᠵᠦᠢᠯ ᠤᠨ | ᠡᠮ ᠨᠢ ᠠᠳᠠᠯᠢ ᠪᠤᠰᠤ ᠬᠡᠮᠵᠢᠶ᠎ᠡ ᠪᠠᠷ ᠡᠯᠢᠭᠡᠨ ᠤ ᠭᠡᠮᠲᠦᠯ ᠢ ᠡᠭᠦᠰᠭᠡᠬᠦ ᠶᠢ ᠨᠢᠭᠡᠨᠲᠡ ᠮᠡᠳᠡᠭᠰᠡᠨ ᠪᠠᠶᠢᠨ᠎ᠠ᠃ | ᠰᠦᠷᠢᠶ᠎ᠡ ᠶᠢ ᠡᠰᠡᠷᠭᠦᠴᠡᠬᠦ ᠡᠮ ᠳᠤ ᠦᠷᠭᠦᠯᠵᠢ ᠲᠣᠬᠢᠶᠠᠯᠳᠤᠳᠠᠭ ᠡᠮᠲᠦ ᠪᠣᠳᠠᠰ ᠤᠨ ᠴᠢᠨᠠᠷᠲᠠᠶ ᠡᠯᠢᠭᠡᠨ ᠤ | ᠭᠡᠮᠲᠦᠯ ᠢ ᠡᠭᠦᠰᠭᠡᠬᠦ ᠰᠦᠷᠢᠶ᠎ᠡ ᠶᠢ ᠡᠰᠡᠷᠭᠦᠴᠡᠬᠦ ᠡᠮ ᠳᠤ ᠷᠢᠮᠢᠹᠣᠨ᠂ ᠷᠢᠹᠤᠫᠢᠨ᠂ ᠫᠢᠷᠠᠽᠢᠨ ᠠᠮᠢᠨ᠂ ᠯᠢᠶᠠᠨ ᠮᠧᠶ | ᠰᠦ ᠵᠡᠷᠭᠡ ᠪᠣᠢ᠂ ᠲᠡᠳᠡᠭᠡᠷ ᠨᠢ ᠪᠦᠷ ᠢᠯᠡᠷᠬᠡᠶ ᠡᠯᠢᠭᠡᠨ ᠤ ᠬᠤᠣᠷᠳᠠᠯᠭ᠎ᠠ ᠲᠠᠢ ᠪᠥᠭᠡᠳ ᠭᠤᠷᠪᠠᠭᠤᠯᠠ ᠶᠢ | ᠬᠠᠮᠲᠤᠷᠠᠭᠤᠯᠤᠨ ᠬᠡᠷᠡᠭᠯᠡᠪᠡᠯ ᠡᠯᠢᠭᠡᠨ ᠤ ᠭᠡᠮᠲᠦᠯ ᠤᠨ ᠲᠦᠭᠰᠢᠭᠦᠷᠢ ᠶᠢ ᠨᠡᠮᠡᠭᠳᠡᠭᠦᠯᠦᠨ᠎ᠡ᠃ | ᠬᠠᠪᠤᠳᠠᠷ ᠢ ᠡᠰᠡᠷᠭᠦᠴᠡᠬᠦ ᠡᠮ ᠬᠠᠪᠤᠳᠠᠷ ᠢ ᠡᠰᠡᠷᠭᠦᠴᠡᠬᠦ ᠬᠢᠮᠢ ᠶᠢᠨ ᠵᠠᠰᠠᠯᠭ᠎ᠠ ᠶᠢᠨ ᠡᠮ ᠤᠨ ᠴᠢᠨᠠᠷᠲᠠᠶ | ᠡᠯᠢᠭᠡᠨ ᠤ ᠭᠡᠮᠲᠦᠯ ᠨᠢ ᠮᠠᠨ ᠤ ᠤᠯᠤᠰ ᠤᠨ ᠡᠮ ᠤᠨ ᠴᠢᠨᠠᠷᠲᠠᠶ ᠡᠯᠢᠭᠡᠨ ᠤ ᠭᠡᠮᠲᠦᠯ ᠤᠨ ᠭᠤᠷᠪᠠᠳᠤᠭᠠᠷ ᠪᠠᠶᠢᠷᠢ ᠶᠢ | ᠡᠵᠡᠯᠡᠨ᠎ᠡ ︵8.34%︶᠃ ᠪᠠᠷᠤᠭ ᠠᠯᠢᠪᠠ ᠬᠢᠮᠢ ᠶᠢᠨ ᠵᠠᠰᠠᠯᠭ᠎ᠠ ᠶᠢᠨ ᠡᠮ ᠨᠢ ᠪᠦᠷ ᠡᠮ ᠤᠨ ᠴᠢᠨᠠᠷᠲᠠᠶ | ᠡᠯᠢᠭᠡᠨ ᠤ ᠭᠡᠮᠲᠦᠯ ᠢ ᠡᠭᠦᠰᠭᠡᠳᠡᠭ᠂ ᠬᠠᠷᠢᠨ ᠣᠯᠠᠨ ᠱᠤᠭᠤᠮᠲᠤ ᠬᠢᠮᠢ ᠶᠢᠨ ᠵᠠᠰᠠᠯᠭ᠎ᠠ ᠶᠢᠨ ᠡᠮ ᠤᠨ ᠬᠡᠮᠵᠢᠶ᠎ᠡ ᠨᠢ | ᠬᠡᠳᠦ ᠶᠡᠭᠡ ᠪᠣᠯ ᠡᠯᠢᠭᠡᠨ ᠤ ᠰᠠᠭᠤᠷᠢ ᠡᠪᠡᠳᠴᠢᠨ ᠲᠠᠢ ᠡᠪᠡᠳᠴᠢᠲᠡᠨ᠂ ᠨᠠᠰᠤ ᠠᠬᠢᠭᠰᠠᠳ᠂ ᠥᠩᠭᠡᠷᠡᠭᠰᠡᠨ ᠤ | ᠠᠷᠢᠬᠢᠨ ᠳᠤ ᠰᠣᠭᠲᠣᠭᠰᠠᠳ᠂ ᠳᠤᠮᠳᠠ ᠵᠡᠷᠭᠡ ᠶᠢᠨ ᠰᠢᠮ᠎ᠡ ᠲᠡᠵᠢᠭᠡᠯ ᠮᠠᠭᠤ ᠬᠠᠪᠤᠳᠠᠷ ᠲᠠᠢ ᠡᠪᠡᠳᠴᠢᠲᠡᠨ᠂ | ᠬᠠᠪᠰᠤᠷᠭᠠᠨ ᠬᠡᠷᠡᠭᠯᠡᠬᠦ ᠡᠮ ᠤᠨ ᠬᠡᠮᠵᠢᠶ᠎ᠡ ᠨᠢ ᠨᠡᠯᠢᠶᠡᠳ ᠠᠷᠪᠢᠨ ᠬᠥᠮᠦᠰ ᠤᠨ ᠡᠭᠦᠰᠬᠦ ᠨᠤᠷᠮ᠎ᠠ ᠨᠢ ᠨᠡᠩ ᠥᠨᠳᠥᠷ | ᠪᠠᠶᠢᠳᠠᠭ᠃ | ᠲᠥᠪ ᠮᠡᠳᠡᠷᠡᠯ ᠤᠨ ᠰᠢᠰᠲ᠋ᠧᠮ ᠤᠨ ᠡᠮᠲᠦ ᠪᠣᠳᠠᠰ ᠨᠢ ᠤᠺᠠᠰᠢᠫᠢᠩ᠂ ᠺᠠᠮᠠᠰᠢᠫᠢᠩ᠂ ᠳ᠋ᠢᠰᠢᠫᠤᠨ ᠵᠡᠷᠭᠡ ᠳᠤ | ᠦᠷᠭᠦᠯᠵᠢ ᠲᠣᠬᠢᠶᠠᠯᠳᠤᠳᠠᠭ᠂ ᠡᠨᠡ ᠲᠥᠷᠥᠯ ᠤᠨ ᠡᠮᠲᠦ ᠪᠣᠳᠠᠰ ᠢ ᠶᠡᠷᠦ ᠳᠡᠭᠡᠨ ᠦᠶᠡᠯᠡᠬᠦ ᠬᠤᠭᠤᠴᠠᠭ᠎ᠠ ᠨᠢ ᠤᠷᠲᠤ | ᠂ ᠬᠠᠮᠲᠤᠷᠠᠭᠤᠯᠤᠨ ᠬᠡᠷᠡᠭᠯᠡᠬᠦ ᠡᠮ ᠨᠢ ᠠᠷᠪᠢᠨ᠂ ᠡᠯᠢᠭᠡᠨ ᠤ ᠠᠵᠢᠯᠯᠠᠭ᠎ᠠ ᠳᠤ ᠨᠡᠩ ᠠᠮᠠᠷᠬᠠᠨ ᠮᠠᠭᠤ ᠨᠥᠯᠥᠭᠡ | ᠦᠵᠡᠭᠦᠯᠦᠨ᠎ᠡ᠃ ᠡᠨᠡ ᠲᠥᠷᠥᠯ ᠤᠨ ᠡᠮᠲᠦ ᠪᠣᠳᠠᠰ ᠢ ᠬᠡᠷᠡᠭᠯᠡᠬᠦ ᠳᠤ ᠦᠶᠡᠯᠡᠬᠦ ᠬᠤᠭᠤᠴᠠᠭ᠎ᠠ ᠨᠢ ᠤᠷᠲᠤ᠂ | ᠬᠠᠮᠲᠤᠷᠠᠭᠤᠯᠤᠨ ᠬᠡᠷᠡᠭᠯᠡᠬᠦ ᠡᠮ ᠨᠢ ᠠᠷᠪᠢᠨ᠂ ᠡᠯᠢᠭᠡᠨ ᠤ ᠠᠵᠢᠯᠯᠠᠭ᠎ᠠ ᠶᠢ ᠨᠥᠯᠥᠭᠡᠯᠡᠬᠦ ᠳᠤ ᠨᠡᠩ ᠬᠢᠯᠪᠠᠷ ᠪᠠᠶᠢᠳᠠᠭ᠃ | | ᠵᠢᠷᠦᠬᠡᠨ ᠤ ᠴᠢᠰᠤᠨ ᠰᠤᠳᠠᠯ ᠤᠨ ᠰᠢᠰᠲ᠋ᠧᠮ ᠤᠨ ᠡᠮ ᠨᠢ ᠦᠷᠭᠦᠯᠵᠢ ᠪᠧᠶᠢᠲ ᠲᠥᠷᠥᠯ ︵ᠹᠧᠨᠣᠪᠧᠲ︶᠂ | ᠥᠭᠡᠬᠦ ᠶᠢ ᠪᠠᠭᠤᠷᠠᠭᠤᠯᠬᠤ ᠡᠮ ︵ᠠᠲ᠋ᠤᠹᠠᠲ᠋ᠠᠲ᠋ᠢᠨ᠂ ᠷᠦᠢᠱᠦ᠋ᠹᠠᠲ᠋ᠠᠲ᠋ᠢᠨ︶᠂ ᠴᠢᠰᠤᠨ ᠳᠠᠷᠤᠯᠲᠠ ᠶᠢ ᠪᠠᠭᠤᠷᠠᠭᠤᠯᠬᠤ | ᠡᠮ ︵ᠺᠠᠲ᠋ᠤᠫᠯᠢ᠂ ᠫᠯᠤᠨᠠᠹᠯ᠂ ᠮᠤᠲ᠋ᠤᠯᠤᠷ︶᠂ ᠵᠢᠷᠦᠬᠡᠨ ᠤ ᠠᠶᠢᠵᠢᠮ ᠬᠡᠪ ᠢᠶᠠᠨ ᠠᠯᠳᠠᠬᠤ ᠶᠢ ᠡᠰᠡᠷᠭᠦᠴᠡᠬᠦ ᠡᠮ ︵ | ᠮᠧᠽᠧᠯᠢᠤ᠋᠂ ᠠᠮᠢᠨ ᠢᠣᠳ᠋ᠲᠤ ᠺᠤᠲ᠋ᠤᠨ︶ ᠳᠤ ᠣᠯᠠᠨ ᠲᠣᠬᠢᠶᠠᠯᠳᠤᠳᠠᠭ᠂ ᠵᠢᠷᠦᠬᠡᠨ ᠤ ᠠᠶᠢᠵᠢᠮ ᠬᠡᠪ ᠢᠶᠠᠨ | ᠠᠯᠳᠠᠬᠤ ᠶᠢ ᠡᠰᠡᠷᠭᠦᠴᠡᠬᠦ ᠡᠮ ︵ᠮᠧᠽᠧᠯᠢᠤ᠋᠂ ᠠᠮᠢᠨ ᠢᠣᠳ᠋ᠲᠤ ᠺᠤᠲ᠋ᠤᠨ︶ ᠳᠤ ᠦᠷᠭᠦᠯᠵᠢ ᠲᠣᠬᠢᠶᠠᠯᠳᠤᠳᠠᠭ᠃ | ᠡᠭᠦᠨ ᠠᠴᠠ ᠭᠠᠳᠠᠨ᠎ᠠ᠂ ᠭᠤᠨᠠᠨ ᠪᠤᠰᠤ ᠪᠡᠶ᠎ᠡ ᠶᠢᠨ ᠦᠷᠪᠢᠰᠦᠯ ᠢ ᠳᠠᠷᠤᠬᠤ ᠡᠮ ︵ᠠᠼᠤᠲ᠋ᠢᠯ ᠠᠮᠢᠨᠣ᠋ ᠹᠤᠨᠤᠯ | ᠂ ᠠᠮᠢᠨᠣ᠋ ᠰᠠᠯᠢᠼᠢᠯ ᠬᠦᠴᠢᠯ ᠤᠨ ᠨᠠᠲᠷᠢ᠂ ᠠᠰᠫᠢᠷᠢᠨ᠂ ᠪᠷᠤᠹᠤᠨ︶᠂ ᠰᠣᠯᠢᠯᠴᠠᠭ᠎ᠠ ᠶᠢᠨ ᠴᠢᠨᠠᠷᠲᠠᠶ ᠡᠪᠡᠳᠴᠢᠨ ᠳᠤ | ᠬᠡᠷᠡᠭᠯᠡᠬᠦ ᠡᠮ ︵ᠢ ᠳ᠋ᠤᠤ ᠰᠦ᠂ ᠬᠤᠶᠠᠷ ᠮᠧᠲ᠋ᠢᠯᠲᠦ ᠬᠤᠣᠰ ᠭᠤᠸᠠᠨᠢᠳᠢᠨ ︵ᠬᠤᠶᠠᠷ ᠮᠧᠲ᠋ᠢᠯᠲᠦ ᠬᠤᠣᠰ | ᠭᠤᠸᠠᠨᠢᠳᠢᠨ︶᠂ ᠤᠯᠠᠭᠠᠨ ᠬᠦᠬᠦᠷᠲᠦ ᠬᠦᠴᠢᠯᠲᠥ᠋ᠷᠥᠭᠴᠢᠲᠦ ᠫᠢᠷᠢᠮᠢᠳᠢᠨ ᠵᠡᠷᠭᠡ︶᠂ ᠬᠤᠷᠮᠣᠨ ᠤ ᠲᠥᠷᠥᠯ ᠤᠨ ᠡᠮ | ︵ᠮᠧᠲ᠋ᠢᠯ ᠤᠰᠤᠮᠠᠭᠲᠤ ᠵᠢᠷᠮᠦᠰᠦᠨ ᠤ ᠺᠤᠲ᠋ᠤᠨ᠂ ᠪᠠᠮᠪᠠᠢ ᠪᠤᠯᠴᠢᠷᠬᠠᠶ ᠶᠢᠨ ᠬᠠᠪᠲᠠᠭᠠᠶ ᠵᠡᠷᠭᠡ︶᠂ ᠠᠮᠢᠳᠤ | ᠪᠣᠳᠠᠰ ᠤᠨ ᠨᠠᠶᠢᠷᠠᠯᠭ᠎ᠠ ︵ᠢᠨᠹᠷᠢᠰᠺᠢᠲ᠋ᠠᠨ ︵ᠢᠨᠹᠯᠢᠰᠺᠢᠲ᠋ᠠᠨ ︵Bermichers︶ ᠨᠢ ᠡᠮᠴᠢᠯᠡᠭᠡᠨ ᠳᠡᠭᠡᠷ᠎ᠡ | ᠪᠠᠰᠠ ᠡᠯᠢᠭᠡ ᠶᠢ ᠭᠡᠮᠲᠦᠭᠡᠭᠰᠡᠨ ᠬᠡᠷᠡᠭ ᠤᠨ ᠵᠢᠱᠢᠶ᠎ᠡ ᠭᠠᠷᠳᠠᠭ᠃ ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ | ᠡᠪᠡᠳᠴᠢᠲᠡᠨ ᠣᠨᠴᠠᠭᠠᠶᠢᠯᠠᠨ ᠠᠩᠬᠠᠷᠬᠤ ᠬᠡᠷᠡᠭᠲᠡᠶ᠃ | ᠬᠡᠷᠬᠢᠨ ᠡᠮ ᠤᠨ ᠴᠢᠨᠠᠷᠲᠠᠢ ᠡᠯᠢᠭᠡᠨ ᠤ ᠭᠡᠮᠲᠦᠯ ᠢ ᠰᠡᠷᠭᠡᠶᠢᠯᠡᠬᠦ ᠪᠤᠢ | ᠬᠡᠳᠦ᠋ᠢᠪᠡᠷ ᠮᠠᠰᠢ ᠣᠯᠠᠨ ᠡᠮ ᠨᠢ ᠡᠯᠢᠭᠡᠨ ᠤ ᠬᠤᠣᠷᠳᠠᠯᠭ᠎ᠠ ᠶᠢᠨ ᠴᠢᠨᠠᠷ ᠲᠠᠢ ᠪᠣᠯᠪᠠᠴᠤ ᠣᠯᠠᠨ ᠢᠶᠠᠷ ᠢᠶᠠᠨ | ᠡᠮ ᠤᠨ ᠥᠩᠭᠡ ᠶᠢᠨ ᠬᠤᠪᠢᠷᠠᠯᠲᠠ ᠶᠢ ᠶᠠᠷᠢᠬᠤ ᠴᠢᠬᠤᠯᠠ ᠦᠭᠡᠢ᠂ ᠡᠮᠴᠢ ᠶᠢᠨ ᠵᠢᠭᠠᠪᠤᠷᠢ ᠶᠢ ᠳᠠᠭᠠᠵᠤ᠂ ᠵᠣᠬᠢᠰᠲᠠᠶ | ᠬᠡᠷᠡᠭᠯᠡᠬᠦ ᠨᠢ ᠰᠠᠶ᠋ᠢ ᠡᠮ ᠤᠨ ᠴᠢᠨᠠᠷᠲᠠᠶ ᠡᠯᠢᠭᠡᠨ ᠤ ᠭᠡᠮᠲᠦᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠶᠢᠨ | ᠵᠠᠩᠭᠢᠯᠠᠭ᠎ᠠ ᠪᠣᠯᠤᠨ᠎ᠠ᠃ | ᠨᠢᠭᠡᠳᠦᠭᠡᠷ ᠲᠤ᠂ ᠣᠨᠴᠠ ᠵᠣᠷ᠂ ᠲᠤᠷᠰᠢᠯᠭᠠᠲᠤ ᠵᠣᠷ᠂ ᠵᠠᠷ ᠵᠡᠷᠭᠡ ᠶᠢ ᠰᠣᠬᠤᠷ ᠪᠠᠯᠠᠶ ᠪᠠᠷ ᠢᠲᠡᠭᠡᠵᠦ | ᠪᠣᠯᠬᠤ ᠦᠭᠡᠢ᠂ ᠬᠢᠲᠠᠳ ᠡᠪᠡᠰᠦᠨ ᠡᠮ ᠵᠢᠴᠢ ᠬᠠᠮᠢᠶ᠎ᠠ ᠪᠦᠬᠦᠢ ᠨᠠᠶᠢᠷᠠᠯᠭ᠎ᠠ ᠶᠢ ᠰᠣᠬᠤᠷ ᠪᠠᠯᠠᠶ ᠪᠠᠷ ᠳᠠᠭᠠᠵᠤ | ᠬᠡᠷᠡᠭᠯᠡᠬᠦ ᠶᠢ ᠴᠡᠭᠡᠷᠯᠡᠵᠦ᠂ ᠪᠦᠷᠢᠯᠳᠦᠬᠦᠨ ᠨᠢ ᠲᠣᠳᠣᠷᠬᠠᠶ ᠦᠭᠡᠢ ᠡᠮ ᠢ ᠬᠠᠮᠤᠭ ᠰᠠᠶᠢᠨ ᠨᠢ ᠤᠤᠭᠤᠬᠤ ᠦᠭᠡᠢ | ᠪᠠᠶᠢᠬᠤ ᠬᠡᠷᠡᠭᠲᠡᠶ᠃ | ᠬᠤᠶᠠᠳᠤᠭᠠᠷ ᠲᠤ᠂ ᠡᠷᠬᠡᠪᠰᠢ ᠡᠮ ᠬᠡᠷᠡᠭᠯᠡᠬᠦ ᠴᠢᠬᠤᠯᠠ ᠲᠠᠢ ᠪᠣᠯ ᠡᠮᠴᠢ ᠪᠤᠶᠤ ᠡᠮᠴᠢ ᠲᠠᠢ ᠬᠠᠮᠲᠤ ᠪᠠᠷ | ᠡᠮ ᠤᠨ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠡᠮᠴᠢᠯᠡᠭᠡᠨ ᠤ ᠬᠤᠭᠤᠴᠠᠭ᠎ᠠ ᠵᠡᠷᠭᠡ ᠶᠢ ᠨᠠᠷᠢᠨ ᠮᠠᠭᠠᠳᠯᠠᠬᠤ ᠶᠢᠨ | ᠬᠠᠮᠲᠤ ᠬᠡᠷᠡᠭᠯᠡᠬᠦ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠶ᠃ | ᠭᠤᠷᠪᠠᠳᠤᠭᠠᠷ ᠲᠤ᠂ ᠤᠷᠲᠤ ᠬᠤᠭᠤᠴᠠᠭ᠎ᠠ ᠪᠠᠷ ᠡᠮ ᠤᠤᠭᠤᠭᠰᠠᠨ ᠡᠪᠡᠳᠴᠢᠲᠡᠨ ᠴᠠᠭ ᠲᠤᠬᠠᠶ ᠳᠤᠨᠢ | ᠡᠯᠢᠭᠡᠨ ᠤ ᠠᠵᠢᠯᠯᠠᠭ᠎ᠠ ᠶᠢ ᠰᠢᠯᠭᠠᠨ ᠪᠠᠶᠢᠴᠠᠭᠠᠵᠤ᠂ ᠡᠷᠲᠡ ᠢᠯᠡᠷᠡᠭᠦᠯᠦᠨ᠂ ᠡᠷᠲᠡ ᠣᠨᠣᠰᠢᠯᠠᠵᠤ᠂ ᠡᠷᠲᠡ ᠡᠮᠨᠡᠨ | ᠵᠠᠰᠠᠬᠤ ᠬᠡᠷᠡᠭᠲᠡᠶ᠃ ᠨᠢᠭᠡᠨᠲᠡ ᠡᠮ ᠤᠨ ᠴᠢᠨᠠᠷᠲᠠᠶ ᠡᠯᠢᠭᠡᠨ ᠤ ᠭᠡᠮᠲᠦᠯ ᠲᠠᠢ ᠪᠣᠯᠤᠭᠰᠠᠨ ᠡᠪᠡᠳᠴᠢᠲᠡᠨ ᠴᠠᠭ | ᠲᠤᠬᠠᠶ ᠳᠤᠨᠢ ᠡᠮ ᠢᠶᠠᠨ ᠵᠣᠭᠰᠣᠬᠤ ᠶᠢᠨ ᠬᠠᠮᠲᠤ ᠲᠥᠯᠥᠪᠯᠡᠭᠡ ᠲᠠᠢ᠂ ᠪᠦᠬᠦ ᠲᠠᠯ᠎ᠠ ᠪᠠᠷ ᠡᠮᠨᠡᠨ ᠵᠠᠰᠠᠵᠤ᠂ | ᠡᠪᠡᠳᠴᠢᠨ ᠤ ᠬᠦᠨᠳᠦᠷᠡᠬᠦ ᠪᠠ ᠳᠠᠪᠬᠤᠴᠠᠭᠰᠠᠨ ᠡᠪᠡᠳᠴᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ | | ᠢᠷᠡᠯᠲᠡ᠄ ᠡᠷᠡᠭᠦᠯ ᠴᠢᠬᠢᠷᠠᠭ ᠳᠤᠮᠳᠠᠳᠦ ᠤᠯᠤᠰ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |