ᠯᠢ ᠺᠠᠶ ᠳ᠋ᠦᠩ ᠹᠦ᠋ ᠷᠦᠢ ᠰᠤᠷᠭᠠᠭᠤᠯᠢ ᠶᠢᠨ ᠵᠢᠷᠤᠭ ᠲᠥᠯᠥᠪᠯᠡᠭᠡ ᠶᠢᠨ ᠲᠥᠰᠦᠯ ᠢ ᠵᠣᠯᠭᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/19
     6 ᠰᠠᠷ᠎ᠠ ᠶᠢᠨ 16᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠶᠢᠰᠦᠨ ᠵᠢᠯ ᠤᠨ ᠳᠦᠷᠢᠮᠲᠦ ᠹᠦ᠋ ᠷᠦᠢ ᠰᠤᠷᠭᠠᠭᠤᠯᠢ ᠶᠢᠨ ᠵᠢᠷᠤᠭ ᠲᠥᠯᠥᠪᠯᠡᠭᠡ ᠶᠢᠨ ᠲᠥᠰᠦᠯ ᠢ ᠵᠣᠯᠭᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠳᠡᠭᠡᠷ᠎ᠡ᠂ ᠵᠢᠷᠤᠭ ᠲᠥᠯᠥᠪᠯᠡᠭᠡᠨ ᠤ ᠺᠣᠮᠫᠠᠨᠢ PPT᠎ ᠲᠠᠢ ᠤᠶᠠᠯᠳᠤᠭᠤᠯᠤᠨ᠂ ᠮᠠᠨ ᠤ ᠰᠢᠶᠠᠨ ᠤ ᠶᠢᠰᠦᠨ ᠵᠢᠯ ᠤᠨ ᠳᠦᠷᠢᠮᠲᠦ ᠹᠦ᠋ ᠷᠦᠢ ᠰᠤᠷᠭᠠᠭᠤᠯᠢ ᠶᠢᠨ ᠵᠢᠷᠤᠭ ᠲᠥᠯᠥᠪᠯᠡᠭᠡᠨ ᠤ ᠣᠶᠢᠯᠠᠭᠠᠭᠳᠠᠬᠤᠨ ᠪᠠ ᠵᠢᠷᠤᠭ ᠲᠥᠯᠥᠪᠯᠡᠭᠡᠨ ᠤ ᠰᠡᠳᠬᠢᠮᠵᠢ ᠶᠢ ᠨᠠᠷᠢᠨ ᠲᠠᠨᠢᠯᠴᠠᠭᠤᠯᠵᠠᠶ᠃ ᠲᠥᠷᠥᠯ ᠵᠦᠢᠯ ᠤᠨ ᠦᠨᠳᠦᠰᠦᠨ ᠪᠠᠶᠢᠳᠠᠯ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠵᠢᠷᠤᠭ ᠲᠥᠯᠥᠪᠯᠡᠭᠡ ᠶᠢᠨ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠪᠣᠯᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠨᠢ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠭᠵᠢᠭᠦᠯᠬᠦ ᠪᠠ ᠬᠠᠷᠢᠭᠤᠴᠠᠬᠤ᠂ ᠰᠤᠷᠭᠠᠨ ᠬᠥᠮᠦᠵᠢᠯ ᠳᠤ ᠬᠠᠷᠢᠭᠤᠴᠠᠬᠤ᠂ ᠢᠷᠡᠭᠡᠳᠦᠶ ᠳᠤ ᠬᠠᠷᠢᠭᠤᠴᠠᠬᠤ ᠳᠡᠭᠡᠳᠦ ᠬᠡᠮᠵᠢᠶᠡᠨ ᠠᠴᠠ ᠣᠳᠣᠬᠠᠨ ᠤ ᠪᠠᠶᠢᠳᠠᠯ ᠳᠠᠭᠠᠨ ᠰᠠᠭᠤᠷᠢᠯᠠᠬᠤ ᠮᠥᠷᠲᠡᠭᠡᠨ ᠠᠯᠤᠰ ᠢᠷᠡᠭᠡᠳᠦᠶ ᠶᠢ ᠴᠦ ᠪᠣᠳᠣᠯᠬᠢᠯᠠᠬᠤ ᠬᠡᠷᠡᠭᠲᠡᠶ᠃ ᠵᠠᠪᠠᠯ ᠰᠤᠷᠭᠠᠭᠤᠯᠢ ᠶᠢᠨ ᠪᠦᠬᠦᠯᠢ ᠴᠣᠭᠴᠠ ᠶᠢᠨ ᠪᠠᠶᠢᠷᠢᠰᠢᠯ᠂ ᠭᠠᠵᠠᠷ ᠬᠡᠷᠡᠭᠯᠡᠬᠦ ᠬᠡᠪᠴᠢᠶ᠎ᠡ ᠶᠢ ᠰᠠᠶᠢᠲᠤᠷ ᠲᠥᠯᠥᠪᠵᠢᠭᠦᠯᠵᠦ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠩ ᠾᠧ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3