6 ᠰᠠᠷ᠎ᠠ ᠶᠢᠨ 16 ᠤ ᠡᠳᠦᠷ᠂ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠷᠦᠨ | ᠶᠠᠩ ᠤᠨ ᠶᠤᠸᠠᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ | ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠦᠨᠳᠦᠰᠦᠨ ᠪᠠᠶᠢᠳᠠᠯ᠂ | ᠳᠠᠪᠠᠭᠤᠯᠢᠭ ᠡᠬᠢ ᠪᠠᠶᠠᠯᠢᠭ ᠵᠡᠷᠭᠡ ᠲᠠᠯ᠎ᠠ ᠪᠠᠷ ᠲᠠᠨᠢᠯᠴᠠᠭᠤᠯᠵᠠᠢ᠃ ᠡᠭᠦᠨ ᠤ ᠬᠠᠮᠲᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠵᠢᠴᠢ ᠰᠢᠶᠠᠨ ᠤ ᠬᠤᠳᠠᠯᠳᠤᠭᠠᠴᠢᠨ ᠤᠷᠢᠬᠤ | ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠯᠢ ᠺᠠᠢ ᠳ᠋ᠦᠩ ᠶᠠᠷᠢᠯᠴᠠᠬᠤ ᠬᠤᠷᠠᠯ ᠳᠡᠭᠡᠷ᠎ᠡ ᠂ ᠮᠠᠨ ᠤ ᠰᠢᠶᠠᠨ ᠠᠵᠤ ᠦᠢᠯᠡᠰ ᠢ ᠲᠡᠳᠬᠦᠬᠦ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠠᠯᠢ | ᠤᠯᠠᠨ ᠦᠨ᠎ᠡ ᠴᠠᠨ᠎ᠠ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ ᠰᠢᠩ ᠡᡁᠧ ᠰᠢᠶᠠᠨ ᠤ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠡᠯᠪᠡᠭ ᠳᠡᠯᠪᠡᠭ᠂ ᠨᠡᠭᠡᠭᠡᠨ ᠠᠰᠢᠭᠯᠠᠬᠤ ᠣᠷᠣᠨ ᠵᠠᠢ ᠲᠦᠢᠯ ᠤᠨ ᠶᠡᠭᠡ᠂ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠲᠦᠷᠭᠡᠨ᠂ ᠵᠠᠮ ᠬᠠᠷᠢᠯᠴᠠᠭ᠎ᠠ ᠲᠦᠭᠦᠮ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ | ᠪᠠᠶᠢᠵᠤ᠂ ᠴᠠᠬᠢᠭᠤᠷ ᠤᠨ ᠠᠵᠤ ᠦᠢᠯᠡᠰ ᠢ ᠬᠥᠭᠵᠢᠭᠦᠯᠬᠦ ᠡᠬᠢ ᠪᠠᠶᠠᠯᠢᠭ ᠤᠨ ᠰᠠᠭᠤᠷᠢ ᠪᠠ ᠯᠤᠲᠤ ᠶᠡᠭᠡ ᠲᠠᠯᠳᠠ | ᠬᠦᠴᠦᠨ ᠲᠠᠢ ᠶᠤᠮ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠣᠯᠢᠯᠴᠠᠭ᠎ᠠ ᠪᠠᠷ ᠭᠠᠷᠤᠭ᠎ᠠ ᠪᠣᠯᠭᠠᠵᠤ᠂ | ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠰᠢᠩ ᠡᡁᠧ ᠰᠢᠶᠠᠨ ᠤ ᠰᠢᠨ᠎ᠡ ᠡᠨᠧᠷᠭᠢ ᠶᠢᠨ ᠠᠵᠤ | ᠦᠢᠯᠡᠰ ᠤᠨ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠬᠤᠷᠠᠯ ᠢ ᠡᠷᠭᠢᠯᠡᠵᠦ᠂ ᠥᠪᠥᠷ | ᠮᠣᠩᠭᠤᠯ ᠤᠨ ᠷᠦᠨ ᠶᠠᠩ ᠶᠤᠸᠠᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠨᠠᠷ ᠬᠤᠷᠠᠯ ᠳᠤ ᠣᠷᠣᠯᠴᠠᠵᠠᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |