6 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠶᠢᠰᠦᠨ ᠵᠢᠯ ᠤᠨ ᠳᠦᠷᠢᠮᠲᠦ ᠹᠦ᠋ ᠷᠦᠢ ᠰᠤᠷᠭᠠᠭᠤᠯᠢ ᠶᠢᠨ ᠵᠢᠷᠤᠭ | ᠲᠥᠯᠥᠪᠯᠡᠭᠡ ᠶᠢᠨ ᠲᠥᠰᠦᠯ ᠢ ᠵᠣᠯᠭᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | | ᠬᠤᠷᠠᠯ ᠳᠡᠭᠡᠷ᠎ᠡ᠂ ᠵᠢᠷᠤᠭ ᠲᠥᠯᠥᠪᠯᠡᠭᠡᠨ ᠤ ᠺᠣᠮᠫᠠᠨᠢ PPT ᠲᠠᠢ ᠤᠶᠠᠯᠳᠤᠭᠤᠯᠤᠨ᠂ ᠮᠠᠨ ᠤ ᠰᠢᠶᠠᠨ ᠤ | ᠶᠢᠰᠦᠨ ᠵᠢᠯ ᠤᠨ ᠳᠦᠷᠢᠮᠲᠦ ᠹᠦ᠋ ᠷᠦᠢ ᠰᠤᠷᠭᠠᠭᠤᠯᠢ ᠶᠢᠨ ᠵᠢᠷᠤᠭ ᠲᠥᠯᠥᠪᠯᠡᠭᠡᠨ ᠤ ᠣᠶᠢᠯᠠᠭᠠᠭᠳᠠᠬᠤᠨ ᠪᠠ ᠵᠢᠷᠤᠭ | ᠲᠥᠯᠥᠪᠯᠡᠭᠡᠨ ᠤ ᠰᠡᠳᠬᠢᠮᠵᠢ ᠶᠢ ᠨᠠᠷᠢᠨ ᠲᠠᠨᠢᠯᠴᠠᠭᠤᠯᠵᠠᠶ᠃ ᠲᠥᠷᠥᠯ ᠵᠦᠢᠯ ᠤᠨ ᠦᠨᠳᠦᠰᠦᠨ ᠪᠠᠶᠢᠳᠠᠯ ᠢ ᠭᠦᠨᠵᠡᠭᠡᠶ | ᠣᠶᠢᠯᠠᠭᠠᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠵᠢᠷᠤᠭ ᠲᠥᠯᠥᠪᠯᠡᠭᠡ ᠶᠢᠨ ᠳᠤᠮᠳᠠᠬᠢ ᠬᠤᠯᠪᠣᠭᠳᠠᠯ | ᠪᠥᠬᠦᠶ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠲᠦᠷᠦᠯ ᠵᠦᠢᠯ ᠤᠨ ᠲᠥᠯᠥᠪᠵᠢᠭᠦᠯᠭᠡ ᠵᠢᠷᠤᠭ | ᠲᠥᠯᠥᠪᠯᠡᠭᠡ ᠪᠣᠯᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠨᠢ ᠪᠦᠬᠦ ᠰᠢᠶᠠᠨ ᠤ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠭᠵᠢᠭᠦᠯᠬᠦ ᠪᠠ ᠬᠠᠷᠢᠭᠤᠴᠠᠬᠤ᠂ ᠰᠤᠷᠭᠠᠨ ᠬᠥᠮᠦᠵᠢᠯ ᠳᠤ | ᠬᠠᠷᠢᠭᠤᠴᠠᠬᠤ᠂ ᠢᠷᠡᠭᠡᠳᠦᠶ ᠳᠤ ᠬᠠᠷᠢᠭᠤᠴᠠᠬᠤ ᠳᠡᠭᠡᠳᠦ ᠬᠡᠮᠵᠢᠶᠡᠨ ᠠᠴᠠ ᠣᠳᠣᠬᠠᠨ ᠤ ᠪᠠᠶᠢᠳᠠᠯ ᠳᠠᠭᠠᠨ | ᠰᠠᠭᠤᠷᠢᠯᠠᠬᠤ ᠮᠥᠷᠲᠡᠭᠡᠨ ᠠᠯᠤᠰ ᠢᠷᠡᠭᠡᠳᠦᠶ ᠶᠢ ᠴᠦ ᠪᠣᠳᠣᠯᠬᠢᠯᠠᠬᠤ ᠬᠡᠷᠡᠭᠲᠡᠶ᠃ ᠵᠠᠪᠠᠯ ᠰᠤᠷᠭᠠᠭᠤᠯᠢ ᠶᠢᠨ ᠪᠦᠬᠦᠯᠢ | ᠴᠣᠭᠴᠠ ᠶᠢᠨ ᠪᠠᠶᠢᠷᠢᠰᠢᠯ᠂ ᠭᠠᠵᠠᠷ ᠬᠡᠷᠡᠭᠯᠡᠬᠦ ᠬᠡᠪᠴᠢᠶ᠎ᠡ ᠶᠢ ᠰᠠᠶᠢᠲᠤᠷ ᠲᠥᠯᠥᠪᠵᠢᠭᠦᠯᠵᠦ᠂ ᠰᠤᠷᠭᠠᠨ ᠬᠥᠮᠦᠵᠢᠯ ᠢ | ᠤᠷᠢᠳᠠᠪᠠᠷ ᠬᠥᠭᠵᠢᠭᠦᠯᠬᠦ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠩ | ᠾᠧ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |