ᠮᠠᠨ ᠤ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ︾ ᠰᠤᠷᠤᠯᠴᠠᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/19
     ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢ ᠶᠢᠨ ᠫᠢᠩ ᠤ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠢ ᠡᠭᠦᠳᠦᠨ ᠪᠠᠶᠢᠭᠤᠯᠬᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠴᠢᠷᠮᠠᠶᠢᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠢᠩ ᠾᠧ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ︾ ᠰᠤᠷᠤᠯᠴᠠᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠠᠵᠢᠯᠯᠠᠭ᠎ᠠ ᠳᠤ ᠣᠷᠣᠯᠴᠠᠪᠠ᠃
     ᠲᠣᠭᠤᠷᠢᠨ ᠦᠵᠡᠬᠦ ᠪᠦᠯᠬᠦᠮ ᠤᠨ ᠬᠢᠨ ᠲᠤᠰ ᠲᠤᠰ ᠦᠨᠳᠦᠰᠦᠲᠡᠨ ᠤ ᠪᠦᠯᠬᠦᠮᠳᠡᠯ ᠤᠨ ᠰᠢᠶᠠᠩ᠂ ᠰᠢᠨ᠎ᠡ ᠬᠤᠳᠠ ᠶᠢᠨ ᠨᠡᠶᠢᠭᠡᠮ ᠲᠣᠭᠤᠷᠢᠭ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠪᠡᠭᠡᠵᠢᠩ ᠤᠨ ᠱᠢ ᠵᠢᠢ ᠬᠤᠸᠠ ᠰᠢᠶᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠯᠤᠨ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃      ᠲᠠᠶᠢᠯᠤᠮᠵᠢ ᠶᠢ ᠰᠣᠨᠣᠰᠬᠤ᠂ ᠦᠢᠯᠡᠳᠦᠯᠴᠡᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠭᠦᠳᠦᠨ ᠪᠠᠶᠢᠭᠤᠯᠬᠤ ᠲᠤᠷᠰᠢᠯᠭ᠎ᠠ ᠪᠠᠨ ᠰᠣᠯᠢᠯᠴᠠᠵᠤ᠂ ᠭᠤᠣᠯ ᠪᠣᠯᠬᠤ ᠠᠵᠢᠯ ᠤᠨ ᠠᠷᠭ᠎ᠠ ᠬᠢᠳᠡᠯ ᠢ ᠰᠤᠷᠤᠯᠴᠠᠵᠤ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠨᠡᠩ ᠰᠢᠭᠤᠳ ᠪᠥᠭᠡᠳ ᠪᠦᠬᠦ ᠲᠠᠯ᠎ᠠ ᠶᠢᠨ ᠲᠠᠨᠢᠯᠲᠠ ᠲᠠᠢ ᠪᠣᠯᠪᠠ᠃ ᠳᠠᠷᠠᠭ᠎ᠠ ᠪᠠᠷ ᠨᠢ ᠬᠤᠷᠠᠯᠳᠤᠭᠤᠯᠤᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠠᠷᠢᠯᠴᠠᠨ ᠬᠤᠯᠪᠣᠭᠠᠯᠠᠵᠤ ᠬᠠᠷᠢᠯᠴᠠᠨ ᠦᠨᠡᠯᠡᠵᠦ ᠬᠠᠷᠢᠯᠴᠠᠨ ᠰᠤᠷᠤᠯᠴᠠᠬᠤ︾ ᠳ᠋ᠦᠩᠨᠡᠯᠲᠡ ᠶᠢᠨ ᠬᠤᠷᠠᠯ ᠳᠡᠭᠡᠷ᠎ᠡ᠂ ᠵᠠᠩ ᠭᠤᠤ ᠪᠠᠯᠭᠠᠰᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠮᠣᠩᠭᠤᠯ ᠬᠤᠳᠠᠯᠳᠤᠭᠠᠨ ᠤ ᠪᠠᠩᠬᠢ ᠶᠢᠨ ᠬᠠᠷᠢᠭᠤᠴᠠᠯᠭᠠᠲᠠᠨ ᠲᠣᠰ ᠰᠠᠯᠠᠭ᠎ᠠ ᠮᠥᠴᠢᠷ ᠤᠨ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠡᠭᠦᠳᠦᠨ ᠪᠠᠶᠢᠭᠤᠯᠬᠤ ᠲᠤᠷᠰᠢᠯᠭ᠎ᠠ ᠪᠠᠨ ᠰᠣᠯᠢᠯᠴᠠᠪᠠ᠃ ᠶᠠᠩ ᠯᠢ ᠷᠦᠩ ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ︽ᠰᠢᠩ ᠾᠧ ᠰᠢᠶᠠᠨ ᠤ 2023 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠤᠨ ᠡᠭᠦᠷᠭᠡ ᠶᠢᠨ ᠨᠠᠷᠢᠨ ᠳᠠᠩᠰᠠ ᠶᠣᠰᠣᠭᠠᠷ᠂ ᠲᠤᠰ ᠲᠤᠰ ᠤᠨ ᠡᠭᠦᠷᠭᠡᠯᠡᠭᠰᠡᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠵᠢᠭᠦᠯᠵᠦ ᠂ ᠤᠨᠢᠨ ᠳᠡᠭᠡᠷ᠎ᠡ ᠨᠢ ᠬᠦᠴᠦᠯᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠨᠡ ᠵᠢᠯ ᠤᠨ ᠡᠭᠦᠳᠦᠨ ᠪᠠᠶᠢᠭᠤᠯᠬᠤ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3