ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠷᠦᠨ ᠶᠠᠩ ᠶᠤᠸᠠᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/6/19
      6 ᠰᠠᠷ᠎ᠠ ᠶᠢᠨ 16 ᠤ ᠡᠳᠦᠷ᠂ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠷᠦᠨ ᠶᠠᠩ ᠤᠨ ᠶᠤᠸᠠᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠦᠨᠳᠦᠰᠦᠨ ᠪᠠᠶᠢᠳᠠᠯ᠂ ᠳᠠᠪᠠᠭᠤᠯᠢᠭ ᠡᠬᠢ ᠪᠠᠶᠠᠯᠢᠭ ᠵᠡᠷᠭᠡ ᠲᠠᠯ᠎ᠠ ᠪᠠᠷ ᠲᠠᠨᠢᠯᠴᠠᠭᠤᠯᠵᠠᠢ᠃ ᠡᠭᠦᠨ ᠤ ᠬᠠᠮᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠵᠢᠴᠢ ᠰᠢᠶᠠᠨ ᠤ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠯᠢ ᠺᠠᠢ ᠳ᠋ᠦᠩ ᠶᠠᠷᠢᠯᠴᠠᠬᠤ ᠬᠤᠷᠠᠯ ᠳᠡᠭᠡᠷ᠎ᠡ ᠂ ᠮᠠᠨ ᠤ ᠰᠢᠶᠠᠨ ᠠᠵᠤ ᠦᠢᠯᠡᠰ ᠢ ᠲᠡᠳᠬᠦᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠠᠯᠢ ᠤᠯᠠᠨ ᠦᠨ᠎ᠡ ᠴᠠᠨ᠎ᠠ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ ᠰᠢᠩ ᠡᡁᠧ ᠰᠢᠶᠠᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠠᠰᠢᠭᠯᠠᠬᠤ ᠣᠷᠣᠨ ᠵᠠᠢ ᠲᠦᠢᠯ ᠤᠨ ᠶᠡᠭᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠲᠦᠷᠭᠡᠨ᠂ ᠵᠠᠮ ᠬᠠᠷᠢᠯᠴᠠᠭ᠎ᠠ ᠲᠦᠭᠦᠮ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠪᠠᠶᠢᠵᠤ᠂ ᠴᠠᠬᠢᠭᠤᠷ ᠤᠨ ᠠᠵᠤ ᠦᠢᠯᠡᠰ ᠢ ᠬᠥᠭᠵᠢᠭᠦᠯᠬᠦ ᠡᠬᠢ ᠪᠠᠶᠠᠯᠢᠭ ᠤᠨ ᠰᠠᠭᠤᠷᠢ ᠪᠠ ᠯᠤᠲᠤ ᠶᠡᠭᠡ ᠲᠠᠯᠳᠠ ᠬᠦᠴᠦᠨ ᠲᠠᠢ ᠶᠤᠮ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠣᠯᠢᠯᠴᠠᠭ᠎ᠠ ᠪᠠᠷ ᠭᠠᠷᠤᠭ᠎ᠠ ᠪᠣᠯᠭᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠰᠢᠩ ᠡᡁᠧ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠬᠤᠷᠠᠯ ᠢ ᠡᠷᠭᠢᠯᠡᠵᠦ᠂ ᠥᠪᠥᠷ ᠮᠣᠩᠭᠤᠯ ᠤᠨ ᠷᠦᠨ ᠶᠠᠩ ᠶᠤᠸᠠᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠨᠠᠷ ᠬᠤᠷᠠᠯ ᠳᠤ ᠣᠷᠣᠯᠴᠠᠵᠠᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3