ᠶᠡᠭᠡ ᠬᠦᠷᠢᠶ᠎ᠡ ᠰᠢᠶᠠᠩ ︽ᠰᠣᠶᠣᠯ ᠢ ᠬᠥᠳᠡᠭᠡ ᠪᠠᠭᠤᠯᠭᠠᠵᠤ ᠠᠷᠠᠳ ᠲᠤ ᠠᠰᠢᠭ ᠬᠦᠷᠲᠡᠭᠡᠬᠦ ᠰᠡᠳᠬᠢᠯ ᠢ ᠬᠥᠳᠡᠭᠡ ᠳᠤ ᠪᠠᠭᠤᠯᠭᠠᠵᠤ᠂ ᠬᠥᠭᠵᠢᠯᠲᠡ ᠶᠢ ᠪᠠᠶᠠᠷᠯᠠᠨ ᠶᠠᠷᠢᠯᠴᠠᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠤᠷᠠᠨ ᠰᠠᠶᠢᠬᠠᠨ ᠤ ᠲᠣᠭᠯᠠᠯᠲᠠ ᠳᠤ ᠠᠰᠢᠭ ᠬᠦᠷᠲᠡᠭᠡᠬᠦ ᠬᠦᠳᠡᠯᠭᠡᠭᠡᠨ ᠢ ᠥᠷᠨᠢᠭᠦᠯᠪᠡ
ᠨᠡᠶᠢᠲᠡᠯᠡᠭᠰᠡᠨ ᠴᠠᠭ᠄
2023/6/21
     ᠽᠦᠩᠽᠢ  ᠶᠢᠨ ᠦᠨᠦᠷ ᠠᠮᠲᠠ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ᠂ ᠨᠠᠮ ᠤᠨ ᠠᠴᠢ ᠶᠢ ᠭᠦᠨ ᠰᠡᠳᠬᠢᠯᠭᠡ ᠲᠠᠢ ᠪᠠᠷ ᠮᠠᠭᠲᠠᠨ ᠳᠠᠭᠤᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠬᠥᠳᠡᠭᠡ ᠲᠣᠰᠬᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠭᠤᠷ ᠠᠮᠢᠰᠬᠤᠯ ᠢ ᠪᠤᠢ ᠪᠣᠯᠭᠠᠨ᠎ᠠ᠃ 6 ᠰᠠᠷ᠎ᠠ ᠶᠢᠨ 21᠎ ᠤ ᠡᠳᠦᠷ᠂  ᠶᠡᠭᠡ ᠬᠦᠷᠢᠶ᠎ᠡ ᠰᠢᠶᠠᠩ ᠳᠤ ︽ᠰᠣᠶᠣᠯ ᠢ ᠬᠥᠳᠡᠭᠡ ᠪᠠᠭᠤᠯᠭᠠᠵᠤ ᠠᠷᠠᠳ ᠲᠤ ᠠᠰᠢᠭ ᠬᠦᠷᠲᠡᠭᠡᠬᠦ ᠰᠡᠳᠬᠢᠯ᠂ ᠬᠥᠭᠵᠢᠯᠲᠡ ᠶᠢ ᠪᠠᠶᠠᠷᠯᠠᠨ ᠶᠠᠷᠢᠯᠴᠠᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
     ᠬᠦᠳᠡᠯᠭᠡᠭᠡᠨ ᠳᠤ ᠶᠠᠭᠤᠨ ᠤ ᠡᠮᠦᠨ᠎ᠡ᠂ ᠰᠢᠶᠠᠩ ᠤᠨ ᠤᠬᠠᠭᠤᠯᠬᠤ ᠭᠡᠰᠢᠭᠦᠨ ᠰᠢᠶᠠᠩ ᠤᠨ ᠨᠠᠮ ᠤᠨ ᠬᠤᠷᠢᠶ᠎ᠠ᠂ ᠰᠢᠶᠠᠩ ᠤᠨ ᠵᠠᠰᠠᠭ ᠤᠨ ᠣᠷᠳᠣᠨ ᠢ ᠲᠥᠯᠥᠭᠡᠯᠡᠨ ᠲᠤᠰ ᠤᠳᠠᠭᠠᠨ ᠤ ᠪᠡᠯᠡ ᠮᠥᠩᠭᠦ ᠭᠠᠷᠭᠠᠵᠤ ᠪᠠᠶᠢᠭᠠᠳ ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ ᠬᠥᠳᠡᠭᠡ ᠲᠣᠰᠬᠤᠨ ᠳᠤ ᠰᠢ ᠳᠠᠭᠤᠯᠠᠭᠤᠯᠤᠭᠰᠠᠨ ᠨᠤᠲᠤᠭ ᠤᠨ ᠮᠡᠷᠭᠡᠳ ᠾᠧᠦ ᠱᠠᠩ ᠱᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠠᠶᠢᠰᠠᠨ ᠤ ᠡᠮᠦᠨ᠎ᠡ ᠬᠤᠶᠢᠨᠠᠬᠢ ᠪᠤᠶ ᠪᠦᠬᠦᠢ ᠠᠵᠢᠯᠲᠠᠳ ᠪᠣᠯᠤᠨ ᠲᠣᠭᠯᠠᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠪᠦᠬᠦ ᠰᠢᠶᠠᠩ ᠤᠨ ᠠᠷᠠᠳ ᠲᠦᠮᠡᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠦᠨ ᠵᠤᠵᠠᠭᠠᠨ ᠢᠷᠥᠭᠡᠯ ᠳᠡᠪᠰᠢᠭᠦᠯᠵᠡᠶ᠃      ᠲᠣᠰ ᠤᠳᠠᠭᠠᠨ ᠤ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠣᠯᠠᠨ ᠲᠦᠮᠡᠨ ᠳᠤ ᠦᠢᠯᠡᠴᠢᠯᠡᠬᠦ ᠶᠢᠨ ᠦᠨᠡᠨ ᠪᠣᠳᠠᠲᠠᠶ ᠢᠯᠡᠷᠡᠯ ᠮᠥᠨ᠂ ᠬᠥᠳᠡᠭᠡ ᠲᠣᠰᠬᠤᠨ ᠤ ᠠᠵᠤ ᠠᠬᠤᠶ᠂ ᠰᠣᠶᠣᠯ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ︽ᠬᠤᠶᠠᠷ ᠬᠥᠮᠦᠨ ᠤ ᠲᠠᠪᠴᠠᠩ᠂ ᠱᠤᠭ ᠵᠦᠴᠦᠭᠡ᠂ ᠶᠢᠨ ᠤᠯᠤᠰ ᠤᠨ ᠵᠦᠴᠦᠭᠡ᠂ ᠴᠠᠷᠭᠢᠯ ᠬᠤᠯᠪᠣᠭ᠎ᠠ᠂ ᠪᠥᠵᠢᠭ᠂ ᠳᠠᠭᠤᠤ ᠵᠡᠷᠭᠡ ᠣᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠲᠣᠭᠯᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠶᠢᠨ ᠰᠢ ᠵᠦᠴᠦᠭᠡ᠂ ᠴᠠᠷᠭᠢᠯ ᠬᠤᠯᠪᠣᠭ᠎ᠠ᠂ ᠪᠥᠵᠢᠭ᠂ ᠳᠠᠭᠤᠤ ᠵᠡᠷᠭᠡ ᠣᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠲᠣᠭᠯᠠᠯᠲᠠ ᠶᠢᠨ ᠬᠡᠯᠪᠡᠷᠢ ᠪᠠᠷ ︽ᠤᠯᠠᠨ ᠲᠦᠮᠡᠨ ᠲᠠᠢ ᠤᠢᠢᠷᠠᠳᠤᠭᠰᠠᠨ︾ ᠤᠯᠠᠨ ᠲᠦᠮᠡᠨ ᠤ ᠦᠭᠡ ᠶᠠᠷᠢᠶ᠎ᠠ ᠨᠢ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ ᠬᠦᠷᠭᠡᠬᠦ ᠶᠢ ᠠᠬᠢᠭᠤᠯᠵᠤ᠂ ᠠᠷᠠᠳ ᠤᠯᠠᠨ ᠳᠤ ᠡᠯᠪᠡᠭ ᠪᠠᠶᠠᠯᠢᠭ ᠰᠣᠶᠣᠯ ᠤᠨ ᠬᠤᠭᠤᠯᠠ ᠬᠦᠷᠲᠡᠭᠡᠵᠦ᠂ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠳ᠋ᠷ︾᠎ ᠢ ᠦᠨᠡᠨᠬᠦ ᠨᠡᠪᠲᠡᠷᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃      ᠵᠤᠨ ᠤ ᠬᠠᠯᠠᠭᠤᠨ ᠳᠤ ᠦᠵᠡᠭᠴᠢᠳ ᠤᠨ ᠬᠠᠯᠠᠭᠤᠨ ᠤᠷᠮ᠎ᠠ ᠶᠢ ᠬᠠᠯᠬᠠᠯᠠᠵᠤ ᠴᠢᠳᠠᠬᠤ ᠦᠭᠡᠢ  ᠪᠠᠶᠢᠯ᠎ᠠ᠃ ᠲᠣᠭᠯᠠᠯᠲᠠ ᠶᠢᠨ ᠠᠬᠤᠶ ᠲᠠᠯᠠᠪᠠᠶ ᠳᠤ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠶᠢᠳᠠᠯ᠂ ᠤᠯᠠᠮᠵᠢᠯᠠᠯᠲᠤ ᠳᠠᠭᠤᠯᠠᠬᠤ ᠠᠶ᠎ᠠ᠂ ᠤᠷᠠᠨ ᠨᠠᠷᠢᠯᠢᠭ ᠮᠡᠷᠭᠡᠵᠢᠯ ᠤᠨ ᠲᠣᠭᠯᠠᠯᠲᠠ ᠨᠢ ᠦᠵᠡᠭᠴᠢᠳ ᠤᠨ ᠤᠷᠮ᠎ᠠ ᠪᠠᠬ᠎ᠠ ᠶᠢ ᠬᠥᠭᠵᠢᠭᠡᠪᠡ᠃ ᠪᠦᠬᠦ ᠲᠠᠯᠠᠪᠠᠢ ᠶᠢᠨ ᠲᠣᠭᠯᠠᠯᠲᠠ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠤᠯᠠᠨ ᠲᠦᠮᠡᠨ ᠤ ᠠᠯᠠᠭ᠎ᠠ ᠲᠠᠰᠢᠯᠳᠠ ᠶᠢᠨ ᠲᠠᠭᠤᠨ ᠪᠣᠯᠤᠨ ᠮᠠᠭᠲᠠᠨ ᠰᠠᠶᠢᠰᠢᠶᠠᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠤᠯᠠᠨ ᠢᠶᠠᠷ ᠢᠶᠠᠨ ᠭᠠᠷ ᠤᠲᠠᠰᠤ ᠪᠠᠨ ᠭᠠᠷᠭᠠᠵᠤ᠂ ᠡᠳᠡᠭᠡᠷ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠪᠡ᠃ ︽ᠰᠢ ᠵᠦᠴᠦᠭᠡ ᠶᠢ ᠮᠠᠰᠢ ᠰᠠᠶᠢᠬᠠᠨ ᠲᠣᠭᠯᠠᠵᠠᠢ᠂ ᠳᠠᠭᠤᠯᠠᠭᠰᠠᠨ ᠨᠢ ᠪᠦᠷ ᠮᠠᠨ ᠤ ᠠᠷᠠᠳ ᠲᠦᠮᠡᠨ ᠤ ᠪᠠᠭ᠋ᠠᠷᠬᠠᠯ ᠢ ᠲᠠᠲᠠᠵᠠᠢ᠂ ᠡᠨᠡ ᠤᠳᠠᠭ᠎ᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠮᠠᠨ ᠤ ᠭᠡᠷ ᠤᠨ ᠡᠭᠦᠳᠡᠨ ᠳᠤ ᠡᠶᠢᠮᠦ ᠭᠤᠶᠢᠳᠠ ᠰᠠᠶᠢᠬᠠᠨ ᠲᠣᠭᠯᠠᠯᠲᠠ ᠶᠢ ᠣᠯᠵᠤ ᠬᠠᠷᠠᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠤᠯᠠᠮ ᠠᠴᠠ ᠤᠯᠠᠮ ᠰᠠᠶᠢᠵᠢᠷᠠᠵᠠᠢ︕︾ ᠭᠡᠵᠦ ᠬᠡᠯᠡᠪᠡ᠃ ᠣᠯᠠᠨ ᠲᠦᠮᠡᠨ ᠡᠨᠡ ᠤᠳᠠᠭᠠᠨ ᠤ ᠠᠵᠢᠯᠯᠠᠭ᠎ᠠ ᠶᠢ ᠠᠮᠠ ᠬᠠᠮᠬᠢᠯ ᠦᠭᠡᠶ ᠮᠠᠭᠲᠠᠵᠤ ᠪᠠᠶᠢᠬᠤ ᠶᠢ ᠦᠵᠡᠪᠡ᠃                                                                 ᠵᠤᠬᠢᠶᠠᠭᠴᠢ᠄ ᠶᠡᠭᠡ ᠬᠦᠷᠢᠶ᠎ᠡ ᠰᠢᠶᠠᠩ ᠤᠨ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3