ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ  ᠶᠢᠨ ᠯᠸᠤ ᠨᠡᠷ ᠮᠠᠨ ᠤ ᠰᠢᠶᠠᠨ ᠳᠤ ᠭᠦᠨᠵᠡᠭᠡᠶᠢᠷᠡᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/21
     6 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠲᠥᠯᠥᠪᠯᠡᠭᠡ ᠶᠢᠨ ᠲᠤᠬᠢᠷᠠᠭᠤᠯᠤᠯᠳᠠ ᠶᠢ ᠦᠨᠳᠦᠰᠦᠯᠡᠵᠦ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠢᠨ  ᠯᠸᠤ ᠨᠡᠷ ᠮᠠᠨ ᠤ ᠰᠢᠶᠠᠨ ᠳᠤ ᠭᠦᠨᠵᠡᠭᠡᠶᠢᠷᠡᠨ ᠴᠢᠬ ᠲᠣᠭᠲᠠᠭᠠᠨ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠸᠢ ᠺᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠫᠠᠨ ᠸᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠬᠤᠢ ᠵᠢᠤᠢ ᠵᠢᠴᠢ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠬᠦᠭᠴᠢᠳ ᠤᠨ ᠬᠤᠷᠠᠯ ᠤᠨ ᠲᠥᠯᠥᠪᠵᠢᠭᠦᠯᠭᠡ ᠶᠢᠨ ᠰᠤᠳᠤᠯᠭᠠᠨ ᠤ ᠬᠡᠯᠲᠡᠰ᠂ ᠬᠠᠤᠯᠢ ᠲᠣᠭᠲᠠᠭᠠᠯ ᠵᠢᠴᠢ ᠬᠢᠨᠠᠨ ᠬᠠᠮᠢᠶᠠᠷᠬᠤ ᠬᠡᠯᠲᠡᠰ᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠠᠩᠭᠦᠰ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠳᠤ ᠭᠦᠨᠵᠡᠭᠡᠶᠢᠷᠡᠵᠦ᠂ ᠳ᠋ᠠ ᠲᠦᠩ ᠶᠣᠣ ᠰᠢᠶᠠᠩ ᠤᠨ ᠳ᠋ᠠ ᠲᠦᠩ ᠶᠣᠣ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠲᠥᠷᠥᠯ ᠵᠦᠢᠯ᠂ ᠢᠦᠶ ᠼᠠᠢ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠤᠨ ᠬᠢᠴᠢᠶᠡᠯ ᠤᠨ ᠭᠡᠷ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠢᠴᠢᠶᠡᠯ ᠤᠨ ᠭᠡᠷ ᠤᠨ ᠲᠥᠷᠥᠯ ᠴᠧᠩ ᠭᠤᠸᠠᠨ ᠪᠠᠯᠭᠠᠰᠤᠨ ᠤ ᠰᠢᠦᠸᠠᠨ ᠶᠣᠣ ᠸᠠ ᠲᠣᠰᠬᠤᠨ ᠤ ᠤᠰᠤᠨ ᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠣᠷᠳᠣᠨ ᠪᠠᠯᠭᠠᠰᠤ ᠶᠢᠨ ᠳ᠋ᠠ ᠫᠦᠸᠧ ᠳ᠋ᠢ ᠲᠣᠰᠬᠤᠨ ᠤ ᠱᠦᠢ ᠯᠢ ᠬᠠᠢ ᠶᠢᠨ ᠪᠠᠢ ᠮᠧᠢ ᠲᠣᠰᠬᠤᠨ᠂ ᠲᠠᠯ᠎ᠠ ᠨᠤᠲᠤᠭ ᠤᠨ ᠬᠡᠭᠡᠷ᠎ᠡ ᠪᠠᠭᠤᠳᠠᠯᠯᠠᠬᠤ ᠭᠠᠵᠠᠷ᠂ ᠨᠡᠶᠢᠲᠡ ᠶᠢᠨ ᠠᠰᠠᠷᠠᠮᠵᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠬᠤ ᠤᠢ ᠶᠢᠨ ᠲᠦᠷᠦᠯ ᠵᠦᠢᠯ ᠰᠧᠴᠤᠸᠠᠨ ᠤ ᠱᠦᠨ ᠲᠠᠷᠢᠶᠠᠯᠠᠩ ᠰᠤᠮᠤᠨ ᠠᠭᠤᠯᠠ ᠰᠢᠭᠤᠶ ᠶᠢᠨ ᠲᠠᠯᠠᠪᠠᠶ᠂ ᠰᠢᠩ ᠡᡁᠧ ᠰᠢᠶᠠᠨ ᠤ ᠡᠮᠨᠡᠯᠭᠡ ᠶᠢᠨ ᠬᠤᠷᠢᠶ᠎ᠡ᠂ ᠯᠦᠩ ᠰᠢᠩ ᠰᠢᠨ ᠮᠠᠲᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠤᠨ ᠬᠢᠨ ᠬᠠᠷᠢᠭᠤᠴᠠᠯᠭᠠᠲᠠᠨ ᠲᠠᠢ ᠨᠠᠷᠢᠨ ᠨᠢᠮᠪᠠᠢ ᠶᠠᠷᠢᠯᠴᠠᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠪᠣᠳᠠᠲᠠᠢ ᠭᠠᠵᠠᠷ ᠲᠤᠨᠢ ᠦᠵᠡᠬᠦ᠂ ᠰᠠᠨᠠᠭᠤᠯᠭ᠎ᠠ ᠳᠤᠷᠠᠳᠬᠤ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠠᠵᠤ ᠦᠢᠯᠡᠰ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠵᠢᠴᠢ ᠬᠤᠶᠢᠰᠢᠳᠠ ᠶᠠᠰᠤ ᠴᠢᠨᠠᠷ ᠢ ᠬᠡᠷᠬᠢᠨ ᠤᠯᠠᠮ ᠴᠢᠨᠠᠭᠰᠢᠳᠠ ᠳᠡᠭᠡᠭᠰᠢᠯᠡᠭᠦᠯᠬᠦ᠂ ᠲᠦᠷᠦᠯ ᠲᠡᠮᠳᠡᠭ ᠢ ᠡᠭᠦᠳᠬᠦ᠂ ᠠᠵᠤ ᠦᠢᠯᠡᠰ ᠢ ᠬᠡᠷᠬᠢᠨ ᠪᠤᠵᠠᠭᠠᠶᠢᠷᠠᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃
     ᠶᠠᠷᠢᠯᠴᠠᠬᠤ ᠬᠤᠷᠠᠯ ᠳᠡᠭᠡᠷ᠎ᠡ᠂ ᠸᠠᠩ ᠬᠤᠢ ᠢᠦᠢ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠠᠴᠠ ᠰᠢᠩ ᠡᡁᠧ ᠰᠢᠶᠠᠨ ᠢ ᠪᠦᠬᠦ ᠬᠦᠴᠦᠨ ᠢᠶᠠᠷ ᠢᠶᠠᠨ ᠬᠠᠪᠰᠤᠷᠤᠨ ᠳᠡᠮᠵᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠬᠤᠶᠢᠰᠢᠳᠠ ᠰᠢᠩ ᠡᡁᠧ ᠰᠢᠶᠠᠨ ᠤ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠠᠵᠤ ᠦᠢᠯᠡᠰ ᠤᠨ ᠳᠡᠮᠵᠢᠯᠭᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠴᠢᠳᠠᠪᠤᠷᠢᠲᠠᠨ ᠤ ᠪᠣᠯᠪᠠᠰᠤᠷᠠᠯ ᠵᠡᠷᠭᠡ ᠲᠠᠯ᠎ᠠ ᠪᠠᠷ ᠨᠡᠩ ᠶᠡᠭᠡ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠰᠢᠩ ᠡᡁᠧ ᠰᠢᠶᠠᠨ ᠤ ᠬᠢᠨ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠠᠪᠰᠤᠷᠤᠨ ᠲᠡᠳᠬᠦᠬᠦ ᠠᠰᠢᠭᠲᠠᠢ ᠠᠵᠠ ᠲᠣᠬᠢᠶᠠᠯ ᠢ ᠭᠦᠢᠴᠡᠳ ᠠᠰᠢᠭᠯᠠᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠢ ᠢᠯᠡ ᠲᠣᠳᠣ᠂ ᠲᠦᠷᠦᠭᠳᠡᠯ ᠲᠠᠢ᠂ ᠪᠦᠲᠦᠮᠵᠢᠲᠡᠢ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠨ᠎ᠠ᠃
     ᠯᠢ ᠺᠠᠶ ᠳ᠋ᠦᠩ ᠬᠤᠷᠠᠯ ᠳᠤ ᠣᠷᠣᠯᠴᠠᠭᠰᠠᠨ ᠬᠥᠮᠦᠰ ᠲᠤ ᠰᠢᠩ ᠾᠧ ᠰᠢᠶᠠᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠭᠤᠷ ᠠᠮᠢᠰᠬᠤᠯ ᠤᠨ ᠣᠷᠴᠢᠨ ᠲᠣᠭᠤᠷᠢᠨ ᠵᠡᠷᠭᠡ ᠳᠠᠪᠠᠭᠤᠯᠢᠭ ᠢ ᠲᠠᠨᠢᠯᠴᠠᠭᠤᠯᠵᠤ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠤᠨ ᠲᠤᠬᠠᠶ ᠲᠣᠪᠴᠢ ᠬᠠᠷᠢᠭᠤ ᠮᠡᠳᠡᠭᠦᠯᠦᠯᠲᠡ ᠬᠢᠵᠦ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠢᠩ ᠾᠧ ᠰᠢᠶᠠᠨ ᠤ ᠬᠠᠪᠰᠤᠷᠤᠨ ᠲᠡᠳᠬᠦᠬᠦ ᠠᠵᠢᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠳᠤ ᠠᠩᠬ᠎ᠠ ᠠᠯᠬᠤᠮ ᠤᠨ ᠰᠠᠨᠠᠯ ᠪᠣᠳᠣᠯ ᠢᠶᠠᠨ ᠳᠤᠷᠠᠳᠤᠭᠰᠠᠨ ᠪᠠᠶᠢᠨ᠎ᠠ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠢᠨ ᠯᠸᠤ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ ᠪᠠᠶᠢᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠡᠮᠵᠢᠨ᠂ ᠰᠢᠩ ᠾᠧ ᠰᠢᠶᠠᠨ ᠤ ᠦᠨᠳᠦᠰᠦᠨ ᠪᠠᠶᠢᠳᠠᠯ ᠤᠨ ᠲᠤᠬᠠᠶ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠦᠨ᠂ ᠬᠦᠴᠦᠨ ᠴᠢᠳᠠᠯ ᠢᠶᠠᠨ ᠨᠢᠭᠲᠠᠷᠠᠭᠤᠯᠤᠭᠰᠠᠨ ᠪᠠᠶᠢᠨ᠎ᠠ ᠭᠡᠵᠡᠶ᠃ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠢᠨ ᠬᠤᠶᠢᠰᠢᠳᠠ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠳᠤᠮᠳᠠ ᠪᠠᠨ ᠪᠠᠰᠠ ᠨᠡᠶᠢᠭᠡᠮ ᠤᠨ ᠪᠠᠲᠤᠯᠠᠪᠤᠷᠢ ᠶᠢᠨ ᠴᠢᠳᠠᠯ ᠤᠨ ᠬᠢᠷᠢ ᠪᠠᠷ᠂ ᠰᠢᠩ ᠡᡁᠧ ᠶᠢᠨ ᠬᠡᠷᠡᠭᠴᠡᠭᠡ ᠶᠢ ᠰᠢᠢᠳᠪᠦᠷᠢᠯᠡᠵᠦ᠂ ᠴᠢᠯᠠᠭᠤᠨ ᠳᠡᠭᠡᠷ᠎ᠡ ᠮᠥᠷ ᠦᠯᠡᠳᠡᠭᠡᠬᠦ᠂ ᠲᠡᠮᠦᠷ ᠳᠡᠭᠡᠷ᠎ᠡ ᠤᠷᠤᠮ ᠦᠯᠡᠳᠡᠭᠡᠬᠦ ᠡᠷᠴᠢ ᠵᠣᠷᠢᠭ ᠢᠶᠠᠷ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠪᠠᠰᠠ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠢᠩ ᠡᡁᠧ ᠰᠢᠶᠠᠨ ᠳᠤ ᠰᠠᠭᠤᠭ᠎ᠠ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠨᠢᠭᠡᠳᠦᠭᠡᠷ ᠱᠦᠵᠢ ᠶᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠵᠠᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3