6 ᠰᠠᠷ᠎ᠠ ᠶᠢᠨ 21 ᠤ ᠡᠳᠦᠷ᠂ ᠮᠠᠨ ᠤ ᠰᠢᠶᠠᠨ ᠵᠢᠶᠠᠩᠰᠦ ᠶᠢᠨ ᠳ᠋ᠧ ᠯᠢ ᠡᠸ᠋ᠯ ᠤᠳᠤ ᠦᠶ᠎ᠡ ᠶᠢᠨ | ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠡᠷᠬᠢᠯᠡᠵᠤ ᠶᠠᠷᠢᠶ᠎ᠠ | ᠲᠠᠯᠪᠢᠪᠠ᠃ | | | ᠸᠠᠩ ᠬᠤᠢ ᠢᠦᠢ ᠶᠠᠷᠢᠯᠴᠠᠬᠤ ᠬᠤᠷᠠᠯ ᠳᠡᠭᠡᠷ᠎ᠡ᠂ ᠳ᠋ᠧ ᠯᠢ ᠡᠸ᠋ᠯ ᠤᠷᠭᠤᠮᠠᠯ ᠤᠨ ᠦᠢᠯᠡᠳᠪᠦᠷᠢ ᠵᠢᠴᠢ ᠲᠥᠪ | ᠲᠣᠭᠤᠭᠠᠨ ᠭᠡᠷ ᠤᠨ ᠤᠶᠤᠨᠲᠤ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠲᠦᠷᠦᠯ | ᠵᠦᠢᠯ ᠨᠢ ᠰᠢᠩ ᠡᡁᠧ ᠶᠢᠨ ᠪᠣᠳᠠᠲᠤ ᠪᠠᠶᠢᠳᠠᠯ ᠪᠣᠯᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠰᠢᠩ ᠡᡁᠧ | ᠲᠠᠷᠢᠶᠠᠯᠠᠩ ᠤᠨ ᠠᠵᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ | ᠪᠥᠭᠡᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠰᠢᠩ | ᠡᡁᠧ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠪᠣᠯᠤᠨ᠎ᠠ ᠭᠡᠵᠦ ᠬᠡᠯᠡᠪᠡ᠃ ᠬᠤᠶᠠᠷ | ᠲᠠᠯ᠎ᠠ ᠪᠠᠷ ᠢᠶᠠᠨ ᠠᠵᠢᠯ ᠤᠨ ᠲᠤᠰᠬᠠᠢ ᠠᠩᠬᠢ ᠪᠠᠶᠢᠭᠤᠯᠵᠤ᠂ ᠪᠠᠶᠢᠩᠭᠤᠵᠢᠭᠰᠠᠨ ᠤᠯᠤᠯᠴᠠᠬᠤ ᠲᠣᠭᠲᠠᠴᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ | ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠰᠤᠳᠤᠯᠵᠤ ᠰᠢᠢᠳᠪᠦᠷᠢᠯᠡᠬᠦ ᠬᠡᠷᠡᠭᠲᠡᠢ᠃ ᠪᠦᠬᠦ ᠰᠢᠶᠠᠨ ᠤ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠣᠳᠠᠲᠠᠶᠢᠵᠢᠭᠤᠯᠵᠤ᠂ | ᠬᠠᠮᠤᠭ ᠤᠨ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠳᠡᠮᠵᠢᠯᠭᠡ ᠦᠵᠡᠭᠦᠯᠵᠦ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠳᠤ ᠦᠨᠡᠨᠬᠦ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠲᠦᠷᠦᠯ ᠵᠦᠢᠯ ᠤᠨ ᠡᠷᠲᠡ ᠭᠡᠷ᠎ᠡ | ᠲᠣᠭᠲᠠᠬᠤ᠂ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ ᠶᠢ ᠠᠬᠢᠭᠤᠯᠬᠤ ᠬᠡᠷᠡᠭᠲᠡᠢ᠃ | ᠬᠤᠷᠠᠯ ᠳᠡᠭᠡᠷ᠎ᠡ᠂ ᠳ᠋ᠧ ᠯᠢ ᠡᠸ᠋ᠯ ᠪᠦᠯᠦᠭᠯᠡᠯ ᠤᠨ ᠬᠠᠷᠢᠭᠤᠴᠠᠯᠭᠠᠲᠠᠨ ᠳ᠋ᠧ ᠯᠢ ᠡᠸ᠋ᠯ ᠤᠷᠭᠤᠮᠠᠯ ᠤᠨ | ᠦᠢᠯᠡᠳᠪᠦᠷᠢ ᠵᠢᠴᠢ ᠲᠥᠪ ᠤᠨ ᠲᠣᠭᠤᠭᠠᠨ ᠭᠡᠷ ᠤᠨ ᠤᠶᠤᠨᠲᠤ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠬᠤ ᠲᠦᠷᠦᠯ ᠵᠦᠢᠯ ᠤᠨ ᠲᠥᠰᠦᠯ ᠢ ᠲᠠᠨᠢᠯᠴᠠᠭᠤᠯᠪᠠ︔ ᠬᠤᠶᠠᠷ ᠲᠠᠯ᠎ᠠ ᠪᠠᠷ ᠢᠶᠠᠨ ᠲᠦᠷᠦᠯ | ᠵᠦᠢᠯ ᠤᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ | ᠵᠦᠪᠳᠡᠯᠴᠡᠪᠡ᠃ | ᠰᠢᠶᠠᠨ ᠤ ᠤᠳᠤᠷᠢᠳᠤᠯᠭ᠎ᠠ ᠯᠢ ᠺᠠᠶ ᠳ᠋ᠦᠩ᠂ ᠵᠣᠣ ᠷᠦᠢ᠂ ᠶᠠᠩ ᠵᠧᠨ ᠳ᠋ᠦᠩ᠂ ᠯᠢ ᠼᠠᠢ ᠴᠢᠩ᠂ ᠸᠠᠩ | ᠰᠢᠶᠤᠤ ᠵᠢᠶᠦ᠋ᠨ᠂ ᠬᠥᠩ ᠰᠢᠤ ᠯᠦᠩ ᠵᠣᠯᠭᠠᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |