ᠰᠢᠩ ᠾᠧ ᠰᠢᠶᠠᠨ ᠤ ᠽᠦᠩᠽᠢ ᠶᠢᠨ ᠨᠠᠪᠴᠢ ᠶᠢᠨ ᠠᠩᠬᠢᠯᠤᠮ᠎ᠠ ᠦᠨᠦᠷ ᠬᠠᠩᠬᠤᠯᠤᠨ  ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ ᠪᠦᠬᠦ ᠠᠷᠠᠳ ᠢᠶᠠᠷ ᠢᠶᠠᠨ ᠬᠤᠳᠠᠯᠳᠤᠨ ᠠᠪᠴᠤ ᠬᠡᠷᠡᠭᠯᠡᠭᠡ ᠶᠢ ᠠᠬᠢᠭᠤᠯᠬᠤ  ᠬᠦᠳᠡᠯᠭᠡᠭᠡᠨ ᠵᠠᠩ ᠭᠤᠤ ᠪᠠᠯᠭᠠᠰᠤᠨ ᠳᠤ ᠬᠦᠷ ᠬᠥᠭᠵᠢᠶᠡᠨ ᠲᠠᠢ ᠶᠠᠪᠤᠭᠳᠠᠵᠠᠢ
ᠨᠡᠶᠢᠲᠡᠯᠡᠭᠰᠡᠨ ᠴᠠᠭ᠄
2023/6/25
     ᠤᠢᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ  ︽ᠽᠦᠩᠽᠢ ᠶᠢᠨ ᠨᠠᠪᠴᠢ ᠶᠢᠨ ᠠᠩᠬᠢᠯᠤᠮ᠎ᠠ ᠦᠨᠦᠷ ᠬᠠᠩᠬᠤᠯᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ ᠪᠦᠬᠦ ᠠᠷᠠᠳ ᠢᠶᠠᠷ ᠢᠶᠠᠨ ᠬᠤᠳᠠᠯᠳᠤᠨ ᠠᠪᠴᠤ ᠬᠡᠷᠡᠭᠯᠡᠭᠡ ᠶᠢ ᠠᠬᠢᠭᠤᠯᠬᠤ ᠬᠦᠳᠡᠯᠭᠡᠭᠡᠨ︾ ᠵᠠᠩ ᠭᠤᠤ ᠪᠠᠯᠭᠠᠰᠤᠨ ᠳᠤ ᠬᠥᠭᠵᠢᠶᠡᠨᠲᠡᠢ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠨ ᠬᠢᠭᠰᠡᠨ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ︽ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠷᠡᠭᠯᠡᠭᠡ ᠶᠢ ᠠᠬᠢᠭᠤᠯᠵᠤ᠂ ᠠᠵᠤ ᠠᠬᠤᠶ ᠶᠢ ᠲᠣᠭᠲᠠᠭᠤᠨ ᠪᠠᠶᠢᠯᠭᠠᠬᠤ︾ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠮᠥᠨᠴᠦ ᠪᠦᠬᠦ ᠰᠢᠶᠠᠨ ᠤ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢ ᠤᠬᠠᠭᠤᠯᠤᠨ ᠲᠠᠨᠢᠯᠴᠠᠭᠤᠯᠵᠤ᠂ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠬᠦᠴᠦᠲᠡᠢ ᠭᠠᠷᠳᠠᠴᠠ ᠪᠣᠯᠤᠨ᠎ᠠ᠂ ᠨᠡᠩ ᠴᠤ ᠬᠡᠷᠡᠭᠯᠡᠭᠡᠨ ᠤ ᠢᠲᠡᠭᠡᠯ ᠢ ᠬᠥᠪᠴᠢᠯᠡᠬᠦ᠂ ᠤᠯᠠᠨ ᠲᠦᠮᠡᠨ ᠤ ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠣᠳᠠᠲᠠᠢ ᠠᠵᠢᠯᠯᠠᠭ᠎ᠠ ᠪᠣᠯᠤᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 6 ᠰᠠᠷ᠎ᠠ ᠶᠢᠨ 18᠎ ᠤ ᠡᠳᠦᠷ ᠠᠴᠠ ᠡᠬᠢᠯᠡᠵᠦ᠂ 6 ᠰᠠᠷ᠎ᠠ ᠶᠢᠨ 24᠎ ᠤ ᠡᠳᠦᠷ ᠳᠠᠭᠤᠰᠤᠨ᠎ᠠ᠃ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠬᠡᠰᠡᠭ ᠢᠶᠠᠷ ᠬᠤᠪᠢᠶᠠᠵᠤ᠂ ᠰᠦᠯᠵᠢᠶᠡᠨ ᠳᠡᠭᠡᠷᠡᠬᠢ ᠠᠵᠢᠯᠯᠠᠭ᠎ᠠ ᠶᠢ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠲᠥᠪ ᠠᠴᠠ ᠲᠤᠤ ᠪᠦᠦ᠂  ᠫᠢᠨ ᠳ᠋ᠦ᠋ ᠳ᠋ᠦ᠋ ᠵᠡᠷᠭᠡ ᠲᠠᠪᠴᠠᠩ ᠳᠤ ᠰᠢᠭᠤᠳ ᠨᠡᠪᠲᠡᠷᠡᠭᠦᠯᠵᠦ᠂ ᠰᠢᠶᠠᠨ ᠤ ᠬᠡᠪᠴᠢᠶᠡᠨ ᠳᠠᠬᠢ ᠴᠢᠨᠠᠷ ᠰᠠᠶᠢᠲᠠᠶ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠷᠡᠭᠦᠯᠦᠨ ᠪᠣᠷᠣᠯᠠᠭᠤᠯᠤᠨ᠎ᠠ᠃ ᠰᠦᠯᠵᠢᠶᠡᠨ ᠠᠴᠠ ᠭᠠᠳᠠᠨᠠᠬᠢ ᠠᠵᠢᠯᠯᠠᠭ᠎ᠠ ᠨᠢ ᠵᠠᠩ ᠭᠤᠤ ᠶᠢᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾᠎ ᠤᠨ ᠵᠠᠩ ᠦᠢᠯᠡ ᠶᠢᠨ ᠠᠵᠢᠯᠯᠠᠭ᠎ᠠ ᠳᠤ ᠲᠦᠰᠢᠭᠯᠡᠵᠦ᠂ ᠰᠢᠶᠠᠨ ᠤ ᠳᠣᠲᠣᠨ᠎ᠠ ᠭᠠᠳᠠᠨᠠᠬᠢ ᠥᠷᠭᠡᠨ ᠤᠯᠠᠨ ᠬᠤᠪᠢ ᠶᠢᠨ ᠬᠤᠳᠠᠯᠳᠤᠭᠠᠴᠢᠨ ᠢ ᠬᠦᠳᠦᠯᠦᠨ ᠵᠢᠯᠣᠭᠤᠳᠴᠤ ᠪᠠᠶᠢᠭᠠᠳ ᠠᠵᠢᠯᠯᠠᠭ᠎ᠠ ᠶᠢᠨ ᠬᠤᠭᠤᠴᠠᠭᠠᠨ ᠳᠤ ᠰᠡᠯᠡᠭᠦᠴᠡᠯ᠂ ᠵᠤᠭ᠎ᠠ ᠴᠡᠩᠭᠡᠯ᠂ ᠠᠮᠲᠠᠲᠤ ᠢᠳᠡᠭᠡᠨ ᠵᠡᠷᠭᠡ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠪᠣᠷᠣᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠵᠦ᠂ ᠡᠭᠦᠨ ᠤ ᠤᠯᠠᠮ ᠠᠴᠠ ︽ᠵᠣᠷᠢᠭᠲᠠᠢ ᠪᠠᠷ ᠬᠡᠷᠡᠭᠯᠡᠬᠦ᠂ ᠬᠡᠷᠡᠭᠯᠡᠵᠦ ᠳᠡᠶᠢᠯᠬᠦ᠂ ᠳᠤᠷᠠᠲᠠᠶ᠎ᠠ ᠬᠡᠷᠡᠭᠯᠡᠬᠦ︾ ᠬᠡᠷᠡᠭᠯᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ 2023 ᠣᠨ ᠤ ᠪᠦᠬᠦ ᠰᠢᠶᠠᠨ ᠤ ᠡᠩ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠪᠡᠶᠡᠯᠡᠭᠦᠯᠬᠦ ᠳᠤ ᠪᠠᠰᠠ ᠰᠠᠶᠢᠨ ᠠᠮᠵᠢᠯᠲᠠ ᠨᠡᠮᠡᠷᠢᠯᠡᠨ᠎ᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3