ᠤᠢᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ ︽ᠽᠦᠩᠽᠢ ᠶᠢᠨ ᠨᠠᠪᠴᠢ ᠶᠢᠨ ᠠᠩᠬᠢᠯᠤᠮ᠎ᠠ ᠦᠨᠦᠷ | ᠬᠠᠩᠬᠤᠯᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ ᠪᠦᠬᠦ ᠠᠷᠠᠳ ᠢᠶᠠᠷ ᠢᠶᠠᠨ ᠬᠤᠳᠠᠯᠳᠤᠨ | ᠠᠪᠴᠤ ᠬᠡᠷᠡᠭᠯᠡᠭᠡ ᠶᠢ ᠠᠬᠢᠭᠤᠯᠬᠤ ᠬᠦᠳᠡᠯᠭᠡᠭᠡᠨ︾ ᠵᠠᠩ ᠭᠤᠤ ᠪᠠᠯᠭᠠᠰᠤᠨ ᠳᠤ ᠬᠥᠭᠵᠢᠶᠡᠨᠲᠡᠢ ᠶᠠᠪᠤᠭᠳᠠᠪᠠ᠃ | | | ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠨ ᠬᠢᠭᠰᠡᠨ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ︽ᠳᠣᠲᠣᠭᠠᠳᠤ | ᠬᠡᠷᠡᠭᠴᠡᠭᠡ ᠶᠢ ᠥᠷᠭᠡᠳᠬᠡᠨ᠂ ᠬᠡᠷᠡᠭᠯᠡᠭᠡ ᠶᠢ ᠠᠬᠢᠭᠤᠯᠵᠤ᠂ ᠠᠵᠤ ᠠᠬᠤᠶ ᠶᠢ ᠲᠣᠭᠲᠠᠭᠤᠨ ᠪᠠᠶᠢᠯᠭᠠᠬᠤ︾ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ | ᠮᠥᠨ᠂ ᠮᠥᠨᠴᠦ ᠪᠦᠬᠦ ᠰᠢᠶᠠᠨ ᠤ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢ ᠤᠬᠠᠭᠤᠯᠤᠨ ᠲᠠᠨᠢᠯᠴᠠᠭᠤᠯᠵᠤ᠂ | ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠬᠦᠴᠦᠲᠡᠢ ᠭᠠᠷᠳᠠᠴᠠ ᠪᠣᠯᠤᠨ᠎ᠠ᠂ ᠨᠡᠩ ᠴᠤ ᠬᠡᠷᠡᠭᠯᠡᠭᠡᠨ ᠤ ᠢᠲᠡᠭᠡᠯ ᠢ ᠬᠥᠪᠴᠢᠯᠡᠬᠦ᠂ ᠤᠯᠠᠨ ᠲᠦᠮᠡᠨ ᠤ | ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠣᠳᠠᠲᠠᠢ ᠠᠵᠢᠯᠯᠠᠭ᠎ᠠ ᠪᠣᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 6 ᠰᠠᠷ᠎ᠠ ᠶᠢᠨ 18 ᠤ ᠡᠳᠦᠷ ᠠᠴᠠ ᠡᠬᠢᠯᠡᠵᠦ᠂ 6 | ᠰᠠᠷ᠎ᠠ ᠶᠢᠨ 24 ᠤ ᠡᠳᠦᠷ ᠳᠠᠭᠤᠰᠤᠨ᠎ᠠ᠃ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠬᠤᠶᠠᠷ ᠬᠡᠰᠡᠭ ᠢᠶᠠᠷ ᠬᠤᠪᠢᠶᠠᠵᠤ᠂ ᠰᠦᠯᠵᠢᠶᠡᠨ ᠳᠡᠭᠡᠷᠡᠬᠢ ᠠᠵᠢᠯᠯᠠᠭ᠎ᠠ ᠶᠢ ᠮᠠᠨ ᠤ ᠰᠢᠶᠠᠨ ᠤ ᠡᠯᠧᠺᠲᠷᠣᠨ | ᠬᠤᠳᠠᠯᠳᠤᠭᠠᠨ ᠤ ᠲᠥᠪ ᠠᠴᠠ ᠲᠤᠤ ᠪᠦᠦ᠂ ᠫᠢᠨ ᠳ᠋ᠦ᠋ ᠳ᠋ᠦ᠋ ᠵᠡᠷᠭᠡ ᠲᠠᠪᠴᠠᠩ ᠳᠤ ᠰᠢᠭᠤᠳ ᠨᠡᠪᠲᠡᠷᠡᠭᠦᠯᠵᠦ᠂ ᠰᠢᠶᠠᠨ ᠤ | ᠬᠡᠪᠴᠢᠶᠡᠨ ᠳᠠᠬᠢ ᠴᠢᠨᠠᠷ ᠰᠠᠶᠢᠲᠠᠶ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠷᠡᠭᠦᠯᠦᠨ ᠪᠣᠷᠣᠯᠠᠭᠤᠯᠤᠨ᠎ᠠ᠃ | ᠰᠦᠯᠵᠢᠶᠡᠨ ᠠᠴᠠ ᠭᠠᠳᠠᠨᠠᠬᠢ ᠠᠵᠢᠯᠯᠠᠭ᠎ᠠ ᠨᠢ ᠵᠠᠩ ᠭᠤᠤ ᠶᠢᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ | ᠵᠠᠩ ᠦᠢᠯᠡ ᠶᠢᠨ ᠠᠵᠢᠯᠯᠠᠭ᠎ᠠ ᠳᠤ ᠲᠦᠰᠢᠭᠯᠡᠵᠦ᠂ ᠰᠢᠶᠠᠨ ᠤ ᠳᠣᠲᠣᠨ᠎ᠠ ᠭᠠᠳᠠᠨᠠᠬᠢ ᠥᠷᠭᠡᠨ ᠤᠯᠠᠨ ᠬᠤᠪᠢ ᠶᠢᠨ | ᠬᠤᠳᠠᠯᠳᠤᠭᠠᠴᠢᠨ ᠢ ᠬᠦᠳᠦᠯᠦᠨ ᠵᠢᠯᠣᠭᠤᠳᠴᠤ ᠪᠠᠶᠢᠭᠠᠳ ᠠᠵᠢᠯᠯᠠᠭ᠎ᠠ ᠶᠢᠨ ᠬᠤᠭᠤᠴᠠᠭᠠᠨ ᠳᠤ ᠰᠡᠯᠡᠭᠦᠴᠡᠯ᠂ ᠵᠤᠭ᠎ᠠ | ᠴᠡᠩᠭᠡᠯ᠂ ᠠᠮᠲᠠᠲᠤ ᠢᠳᠡᠭᠡᠨ ᠵᠡᠷᠭᠡ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠪᠣᠷᠣᠯᠠᠭᠤᠯᠭ᠎ᠠ ᠶᠢ | ᠠᠬᠢᠭᠤᠯᠬᠤ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠵᠦ᠂ ᠡᠭᠦᠨ ᠤ ᠤᠯᠠᠮ ᠠᠴᠠ ︽ᠵᠣᠷᠢᠭᠲᠠᠢ ᠪᠠᠷ ᠬᠡᠷᠡᠭᠯᠡᠬᠦ᠂ | ᠬᠡᠷᠡᠭᠯᠡᠵᠦ ᠳᠡᠶᠢᠯᠬᠦ᠂ ᠳᠤᠷᠠᠲᠠᠶ᠎ᠠ ᠬᠡᠷᠡᠭᠯᠡᠬᠦ︾ ᠬᠡᠷᠡᠭᠯᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ 2023 ᠣᠨ ᠤ | ᠪᠦᠬᠦ ᠰᠢᠶᠠᠨ ᠤ ᠡᠩ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠪᠡᠶᠡᠯᠡᠭᠦᠯᠬᠦ ᠳᠤ | ᠪᠠᠰᠠ ᠰᠠᠶᠢᠨ ᠠᠮᠵᠢᠯᠲᠠ ᠨᠡᠮᠡᠷᠢᠯᠡᠨ᠎ᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |