ᠮᠠᠨ ᠤ ᠰᠢᠶᠠᠨ ᠵᠢᠶᠠᠩᠰᠦ ᠶᠢᠨ ᠳ᠋ᠧ ᠯᠢ ᠡᠸ᠋ᠯ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/6/25
      6 ᠰᠠᠷ᠎ᠠ ᠶᠢᠨ 21 ᠤ ᠡᠳᠦᠷ᠂ ᠮᠠᠨ ᠤ ᠰᠢᠶᠠᠨ ᠵᠢᠶᠠᠩᠰᠦ ᠶᠢᠨ ᠳ᠋ᠧ ᠯᠢ ᠡᠸ᠋ᠯ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠡᠷᠬᠢᠯᠡᠵᠤ ᠶᠠᠷᠢᠶ᠎ᠠ ᠲᠠᠯᠪᠢᠪᠠ᠃      ᠸᠠᠩ ᠬᠤᠢ ᠢᠦᠢ ᠶᠠᠷᠢᠯᠴᠠᠬᠤ ᠬᠤᠷᠠᠯ ᠳᠡᠭᠡᠷ᠎ᠡ᠂ ᠳ᠋ᠧ ᠯᠢ ᠡᠸ᠋ᠯ ᠤᠷᠭᠤᠮᠠᠯ ᠤᠨ ᠦᠢᠯᠡᠳᠪᠦᠷᠢ ᠵᠢᠴᠢ ᠲᠥᠪ ᠲᠣᠭᠤᠭᠠᠨ ᠭᠡᠷ ᠤᠨ ᠤᠶᠤᠨᠲᠤ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠲᠦᠷᠦᠯ ᠵᠦᠢᠯ ᠨᠢ ᠰᠢᠩ ᠡᡁᠧ ᠶᠢᠨ ᠪᠣᠳᠠᠲᠤ ᠪᠠᠶᠢᠳᠠᠯ ᠪᠣᠯᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠰᠢᠩ ᠡᡁᠧ ᠲᠠᠷᠢᠶᠠᠯᠠᠩ ᠤᠨ ᠠᠵᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠪᠥᠭᠡᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠰᠢᠩ ᠡᡁᠧ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠪᠣᠯᠤᠨ᠎ᠠ ᠭᠡᠵᠦ ᠬᠡᠯᠡᠪᠡ᠃ ᠬᠤᠶᠠᠷ ᠲᠠᠯ᠎ᠠ ᠪᠠᠷ ᠢᠶᠠᠨ ᠠᠵᠢᠯ ᠤᠨ ᠲᠤᠰᠬᠠᠢ ᠠᠩᠬᠢ ᠪᠠᠶᠢᠭᠤᠯᠵᠤ᠂ ᠪᠠᠶᠢᠩᠭᠤᠵᠢᠭᠰᠠᠨ ᠤᠯᠤᠯᠴᠠᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠰᠤᠳᠤᠯᠵᠤ ᠰᠢᠢᠳᠪᠦᠷᠢᠯᠡᠬᠦ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠣᠳᠠᠲᠠᠶᠢᠵᠢᠭᠤᠯᠵᠤ᠂ ᠬᠠᠮᠤᠭ ᠤᠨ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠳᠡᠮᠵᠢᠯᠭᠡ ᠦᠵᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠦᠨᠡᠨᠬᠦ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠲᠦᠷᠦᠯ ᠵᠦᠢᠯ ᠤᠨ ᠡᠷᠲᠡ ᠭᠡᠷ᠎ᠡ ᠲᠣᠭᠲᠠᠬᠤ᠂ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠳᠡᠭᠡᠷ᠎ᠡ᠂ ᠳ᠋ᠧ ᠯᠢ ᠡᠸ᠋ᠯ ᠪᠦᠯᠦᠭᠯᠡᠯ ᠤᠨ ᠬᠠᠷᠢᠭᠤᠴᠠᠯᠭᠠᠲᠠᠨ  ᠳ᠋ᠧ ᠯᠢ ᠡᠸ᠋ᠯ ᠤᠷᠭᠤᠮᠠᠯ ᠤᠨ ᠦᠢᠯᠡᠳᠪᠦᠷᠢ ᠵᠢᠴᠢ ᠲᠥᠪ ᠤᠨ ᠲᠣᠭᠤᠭᠠᠨ ᠭᠡᠷ ᠤᠨ ᠤᠶᠤᠨᠲᠤ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠲᠦᠷᠦᠯ ᠵᠦᠢᠯ ᠤᠨ ᠲᠥᠰᠦᠯ ᠢ ᠲᠠᠨᠢᠯᠴᠠᠭᠤᠯᠪᠠ︔ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ  ᠵᠦᠪᠳᠡᠯᠴᠡᠪᠡ᠃      ᠰᠢᠶᠠᠨ ᠤ ᠤᠳᠤᠷᠢᠳᠤᠯᠭ᠎ᠠ ᠯᠢ ᠺᠠᠶ ᠳ᠋ᠦᠩ᠂ ᠵᠣᠣ ᠷᠦᠢ᠂ ᠶᠠᠩ ᠵᠧᠨ ᠳ᠋ᠦᠩ᠂ ᠯᠢ ᠼᠠᠢ ᠴᠢᠩ᠂ ᠸᠠᠩ ᠰᠢᠶᠤᠤ ᠵᠢᠶᠦ᠋ᠨ᠂ ᠬᠥᠩ ᠰᠢᠤ ᠯᠦᠩ ᠵᠣᠯᠭᠠᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3