ᠯᠢ ᠺᠠᠶ ᠳ᠋ᠦᠩ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/28
6 ᠰᠠᠷ᠎ᠠ ᠶᠢᠨ 27᠎ ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃
   ᠯᠢ ᠺᠠᠶ ᠳ᠋ᠦᠩ ᠨᠡᠷ ᠤᠷᠢᠳ ᠬᠤᠵᠢᠳ ᠴᠧᠩ ᠭᠤᠸᠠᠨ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠬᠥᠮᠥᠷᠭᠡ᠂ ᠴᠢᠶᠠᠨ ᠾᠧ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ᠂ ᠴᠢ ᠵᠢᠶᠠ ᠶᠢᠩ ᠤᠰᠤᠨ ᠴᠥᠭᠦᠷᠥᠮ ᠵᠢᠴᠢ ᠳᠡᠭᠡᠳᠦ ᠳᠤᠤᠷᠠᠳᠤ ᠤᠷᠤᠰᠬᠠᠯ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠠᠰᠢᠯᠭ᠎ᠠ ᠳᠠᠯᠠᠩ ᠢ ᠪᠠᠬᠢᠯᠡᠬᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
   ᠯᠢ ᠺᠠᠶ ᠳ᠋ᠦᠩ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠪᠣᠯ ᠠᠷᠠᠳ ᠤᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠬᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠠᠶᠤᠯ ᠢ ᠪᠠᠶᠢᠴᠠᠭᠠᠵᠤ ᠠᠶᠤᠯ ᠢ ᠠᠷᠢᠯᠭᠠᠨ ᠰᠠᠭᠠᠳ ᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ︔ ᠣᠨᠴᠠᠭᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠵᠦ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠪᠦᠬᠦ ᠲᠠᠯ᠎ᠠ ᠪᠠᠷ ᠡᠵᠡᠮᠰᠢᠵᠦ᠂ ᠦᠶᠡᠷ ᠤᠨ ᠬᠤᠭᠤᠴᠠᠭᠠᠨ ᠳᠤ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ ᠵᠢᠴᠢ ᠢᠷᠡᠭᠡᠳᠦᠢ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠰᠢᠵᠦ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠷᠴᠢᠮᠲᠡᠢ ᠰᠡᠷᠭᠡᠶᠢᠯᠡᠬᠦ ᠬᠡᠷᠡᠭᠲᠡᠢ︔ ᠦᠶᠡᠷ ᠢ ᠰᠡᠷᠭᠡᠶᠢᠯᠡᠬᠦ ᠡᠳ᠋ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠦᠶᠡᠷ ᠢ ᠰᠡᠷᠭᠡᠶᠢᠯᠡᠬᠦ ᠲᠥᠰᠦᠯ ᠢ ᠲᠡᠭᠦᠯᠳᠡᠷᠵᠢᠭᠦᠯᠵᠦ᠂ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠢ ᠦᠨᠡᠨ ᠬᠦ ᠪᠣᠳᠠᠲᠠᠢ ᠪᠥᠭᠡᠳ ᠨᠠᠷᠢᠯᠢᠭ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠢ ᠥᠩᠭᠡᠷᠡᠭᠦᠯᠬᠦ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠤᠰᠤ ᠬᠠᠳᠠᠭᠠᠯᠠᠵᠤ ᠤᠰᠤ ᠬᠠᠳᠠᠭᠠᠯᠠᠬᠤ ᠪᠡᠯᠡᠳᠬᠡᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠭᠠᠩ ᠬᠠᠭᠰᠠᠷᠠᠭᠠᠨ ᠲᠠᠢ ᠲᠡᠮᠡᠴᠡᠬᠦ ᠳᠤ ᠤᠰᠤᠨ ᠤ ᠡᠬᠢ ᠪᠠᠶᠠᠯᠢᠭ ᠢ ᠬᠠᠩᠭᠠᠵᠤ ᠂ ᠲᠠᠷᠢᠶᠠᠯᠠᠩ ᠤᠨ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠦᠨᠡᠨ ᠬᠦ ᠪᠠᠲᠤᠯᠠᠬᠤ ᠬᠡᠷᠡᠭᠲᠡᠶ᠃    ᠰᠢᠶᠠᠨ ᠤ ᠤᠳᠤᠷᠢᠳᠤᠯᠭ᠎ᠠ ᠾᠧ ᠶᠢᠩ ᠽᠢ᠂ ᠸᠠᠩ ᠬᠦᠢ ᠽᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3