ᠵᠠᠩ ᠭᠤᠤ ᠪᠠᠯᠭᠠᠰᠤᠨ ᠤ 2023 ᠣᠨ ᠤ ︽ᠡᠷᠲᠡᠨ ᠤ ᠪᠠᠯᠭᠠᠰᠤ ᠪᠠᠷ ᠲᠣᠭᠤᠷᠢᠵᠤ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ · ᠠᠷᠠᠳ ᠤᠨ ᠵᠠᠩ ᠳᠠᠳᠬᠠᠯ ᠢ ᠰᠣᠨᠢᠷᠬᠠᠬᠤ︾ ᠬᠦᠳᠡᠯᠭᠡᠭᠡᠨ ᠨᠢ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ
ᠨᠡᠶᠢᠲᠡᠯᠡᠭᠰᠡᠨ ᠴᠠᠭ᠄
2023/6/28
     ︽ᠠᠷᠠᠳ ᠤᠨ ᠰᠣᠶᠣᠯ ᠤᠷᠠᠯᠢᠭ ᠤᠨ ᠨᠤᠲᠤᠭ︾᠎ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠡᠷᠭᠦᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠰᠢᠩ ᠾᠧ ᠰᠢᠶᠠᠨ ᠤ ᠵᠠᠩ ᠭᠤᠤ ᠪᠠᠯᠭᠠᠰᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ ︽ᠡᠷᠲᠡᠨ ᠤ ᠪᠠᠯᠭᠠᠰᠤ ᠪᠠᠷ ᠲᠣᠭᠤᠷᠢᠬᠤ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠤᠭᠲᠤᠬᠤ · ᠠᠷᠠᠳ ᠤᠨ ᠵᠠᠩ ᠦᠢᠯᠡ ᠶᠢ ᠰᠣᠨᠢᠷᠬᠠᠬᠤ︾ ᠠᠵᠢᠯᠯᠠᠭ᠎ᠠ ᠥᠷᠨᠢᠭᠦᠯᠪᠡ᠃      ᠵᠠᠩ ᠭᠤᠤ ᠪᠠᠯᠭᠠᠰᠤ ᠪᠣᠯ ᠤᠯᠠᠭᠠᠨᠴᠠᠪ ᠤᠨ ᠬᠠᠮᠤᠭ ᠤᠨ ᠡᠷᠲᠡᠨ ᠤ ᠪᠠᠯᠭᠠᠰᠤ ᠶᠢᠨ ᠨᠢᠭᠡ ᠪᠣᠯᠤᠨ᠎ᠠ᠃ ᠮᠢᠩ ᠤᠯᠤᠰ ᠂ ᠴᠢᠩ ᠤᠯᠤᠰ ᠤᠨ ᠦᠶ᠎ᠡ ᠳᠤ᠂ ᠳᠠᠷᠤᠢ ᠳᠣᠲᠣᠷ᠎ᠠ ᠭᠠᠵᠠᠷ ᠠᠴᠠ ᠬᠢᠯᠢ ᠬᠢᠵᠠᠭᠠᠷ ᠣᠷᠣᠨ ᠳᠤ ᠨᠡᠪᠲᠡᠷᠡᠬᠦ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠬᠤ ᠪᠥᠭᠡᠳ ᠪᠠᠰᠠ ᠴᠢᠬᠤᠯᠠ ᠲᠠᠸᠠᠷ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠠᠶᠢᠵᠤ᠂ ᠬᠤᠳᠠᠯᠳᠤᠭᠠᠴᠢᠨ ᠮᠠᠶᠢᠮᠠᠶᠢᠴᠢᠳ ᠬᠤᠷᠠᠨ ᠴᠤᠭᠯᠠᠷᠠᠵᠤ᠂ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ᠠᠷᠠᠳ ᠤᠨ ᠳᠤᠮᠳᠠᠬᠢ ᠨᠡᠶᠢᠭᠡᠮ ᠤᠨ ᠠᠵᠢᠯᠯᠠᠭ᠎ᠠ ᠨᠢᠭᠡᠨᠲᠡ 300 ᠭᠠᠷᠤᠢ ᠵᠢᠯ ᠤᠨ ᠲᠡᠦᠬᠡ ᠲᠠᠢ ᠪᠤᠯᠵᠤ᠂ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠳᠤ 2021 — 2023 ᠣᠨ ᠤ ︽ᠪᠦᠬᠦ ᠣᠷᠣᠨ ᠤ ᠠᠷᠠᠳ ᠤᠨ ᠰᠣᠶᠣᠯ ᠤᠷᠠᠯᠢᠭ ᠤᠨ ᠨᠤᠲᠤᠭ︾᠎ ᠢᠶᠠᠷ ᠦᠨᠡᠯᠡᠭᠳᠡᠪᠡ᠃      ᠡᠨᠡ ᠵᠢᠯ ᠤᠨ ᠠᠵᠢᠯᠯᠠᠭ᠎ᠠ᠂ ᠲᠡᠳᠡ ︽ᠠᠷᠠᠳ ᠤᠨ ᠤᠷᠠᠯᠢᠭ ᠢᠶᠠᠷ ᠬᠥᠳᠡᠭᠡ ᠲᠣᠰᠬᠤᠨ ᠤ ᠤᠯᠠᠮᠵᠢᠯᠠᠯᠲᠤ ᠰᠣᠶᠣᠯ ᠢ ᠭᠡᠷᠡᠯᠲᠦᠭᠦᠯᠦᠨ ᠬᠥᠭᠵᠢᠯᠲᠡ ᠳᠤ ᠬᠦᠴᠦ ᠨᠡᠮᠡᠷᠢᠯᠡᠶ᠎ᠡ︾ ᠭᠡᠬᠦ ᠭᠤᠣᠯ ᠰᠡᠳᠦᠪ ᠢᠶᠠᠨ ᠪᠣᠯᠭᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠨᠤᠲᠤᠭ ᠤᠨ ᠤᠨᠴᠠᠯᠢᠭᠳᠤ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠡᠷᠲᠡᠨ ᠤ ᠪᠠᠯᠭᠠᠰᠤᠨ ᠤ ᠰᠣᠶᠣᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠢ ᠣᠲᠣ ᠦᠶ᠎ᠡ ᠶᠢᠨ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ  ᠵᠦᠢᠯ ᠳᠤ ᠠᠰᠠᠷ ᠳᠠᠮᠨᠠᠬᠤ᠂ ᠠᠰᠠᠷ ᠮᠠᠭᠠᠵᠢᠬᠤ᠂ ᠯᠠᠷᠵᠢᠶ᠎ᠠ ᠲᠠᠲᠠᠬᠤ ᠪᠠᠷ ᠪᠠᠷᠠᠬᠤ ᠥᠬᠡᠶ ᠪᠠᠰᠠ ᠶᠠᠩᠭᠠᠷ ᠲᠣᠭᠯᠠᠬᠤ ᠵᠢᠴᠢ ᠱᠠᠨ ᠰᠢ ᠶᠢᠨ ᠵᠦᠴᠦᠭᠡ᠂ ᠼᠢᠷᠺ ᠪᠠ ᠰᠦᠯᠵᠢᠶᠡᠨ ᠤ ᠤᠯᠠᠭᠠᠨ ᠵᠤᠭ᠎ᠠ ᠴᠡᠩᠭᠡᠯ ᠤᠨ ᠲᠥᠷᠥᠯ ᠵᠦᠢᠯ ᠵᠡᠷᠭᠡ ᠪᠣᠶ᠃      ᠵᠢᠷᠭᠤᠭᠠᠨ ᠡᠳᠦᠷ ᠤᠨ ᠠᠵᠢᠯᠯᠠᠭ᠎ᠠ ᠳᠤ ᠶᠡᠭᠡ ᠬᠡᠮᠵᠢᠶᠡᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠣᠭᠤᠷᠢᠨ ᠦᠵᠡᠬᠦ ᠪᠠᠷ ᠢᠷᠡᠭᠰᠡᠨ ᠬᠥᠮᠦᠨ ᠤ ᠲᠤᠭ᠎ᠠ 12 ᠲᠦᠮᠡ ᠭᠠᠷᠤᠢ ᠬᠥᠮᠦᠨ ᠤᠳᠠᠭ᠎ᠠ ᠳᠤ ᠬᠦᠷᠴᠦ᠂ ᠡᠭᠦᠨ ᠤ ᠵᠡᠷᠭᠡ ᠳᠤ 300 ᠭᠠᠷᠤᠢ ᠬᠤᠳᠠᠯᠳᠤᠭᠠᠴᠢᠨ ᠬᠦᠷᠦᠯᠴᠡᠨ ᠢᠷᠡᠵᠦ ᠳᠡᠯᠭᠡᠭᠡ ᠮᠠᠶᠢᠮᠠᠶ ᠬᠢᠵᠦ᠂ ᠥᠷᠭᠡᠨ ᠤᠯᠠᠨ ᠵᠤᠭᠠᠴᠠᠭᠰᠠᠳ ᠲᠤ ᠨᠢᠭᠡ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠶᠡᠭᠡ ᠬᠤᠭᠤᠯᠠ ᠶᠢ ᠡᠳ᠋ᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠪᠠ ᠰᠣᠶᠣᠯ ᠤᠨ ᠦᠨ᠎ᠡ ᠦᠷᠳᠡᠭ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠃                                                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3