ᠰᠢᠩ ᠾᠧ ᠰᠢᠶᠠᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠭᠰᠠᠨ ᠪᠠ ᠲᠣᠬᠢᠷᠠᠭᠤᠯᠤᠭᠰᠠᠨ ᠪᠠᠶᠢᠳᠠᠯ ᠤᠨ ᠲᠤᠬᠠᠶ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/6/28
     ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠪᠦᠲᠦᠮᠵᠢᠲᠡᠶ ᠴᠢᠩᠭᠠᠳᠬᠠᠬᠤ ᠶᠢᠨ ᠲᠥᠯᠥᠭᠡ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠮᠠᠨ ᠤ ᠰᠢᠶᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠤᠨ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2022﹈ 39 ᠳ᠋ᠦᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠤᠤᠯ ᠤᠨ ᠪᠠᠶᠢᠭᠰᠠᠨ ᠦᠨᠳᠦᠰᠦᠨ ᠨᠤᠲᠤᠭ ᠪᠡᠯᠴᠢᠭᠡᠷ ᠤᠨ ᠲᠠᠷᠬᠠᠯᠲᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠪᠠ ᠳᠣᠭᠢᠷᠠᠭᠤᠯᠤᠭᠰᠠᠨ ᠪᠠᠶᠢᠳᠠᠯ ᠢ ᠳᠣᠤᠷᠠᠬᠢ ᠮᠡᠲᠦ ᠵᠠᠷᠯᠠᠨ ᠨᠡᠶᠢᠲᠡᠯᠡᠶ᠎ᠡ᠄      ᠪᠥᠬᠦ ᠰᠢᠶᠠᠨ ᠤ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 179.95 ᠲᠦᠮᠡᠨ ᠮᠥ ᠳᠤ ᠬᠦᠷᠴᠦ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ 114.94 ᠲᠦᠮᠡᠨ ᠮᠥ ᠳᠤ ᠬᠦᠷᠴᠡᠶ︔ ᠦᠨᠳᠦᠰᠦᠨ ᠪᠤᠰᠤ ᠨᠤᠲᠤᠭ ᠪᠡᠯᠴᠢᠭᠡᠷ ᠤᠨ ᠲᠠᠯᠠᠪᠠᠶ 56.08 ᠲᠦᠮᠡᠨ ᠮᠥ︔ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 8.93 ᠲᠦᠮᠡᠨ ᠮᠥ ᠳᠤ ᠬᠥᠷᠪᠡ᠃      ᠡᠯ᠎ᠡ ᠰᠢᠶᠠᠩ ᠪᠠᠯᠭᠠᠰᠤ ᠶᠢᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠪᠠᠶᠢᠳᠠᠯ᠄      ᠨᠢᠭᠡ᠂ ᠴᠧᠩ ᠭᠤᠸᠠᠨ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 15.30 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 8.25 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 6.86 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.20 ᠲᠦᠮᠡᠨ ᠮᠥ ᠪᠣᠯᠪᠠ᠃      ᠬᠤᠶᠠᠷ᠂ ᠶᠡᠭᠡ ᠬᠦᠷᠢᠶ᠎ᠡ ᠰᠢᠶᠠᠩ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠢ 11.67 ᠲᠦᠮᠡᠨ ᠮᠦ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 3.74 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 6.38 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 1.55 ᠲᠦᠮᠡᠨ ᠮᠥ ᠪᠣᠯᠪᠠ᠃      ᠭᠤᠷᠪᠠ᠂ ᠳ᠋ᠠ ᠲᠦᠩ ᠶᠣᠣ ᠰᠢᠶᠠᠩ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 23.92 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨᠳᠦᠰᠦᠨ ᠨᠤᠲᠤᠭ ᠪᠡᠯᠴᠢᠭᠡᠷ 13.16 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 7.31 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 3.45 ᠲᠦᠮᠡᠨ ᠮᠥ ᠪᠣᠯᠪᠠ᠃      ᠳᠥᠷᠪᠡ᠂ ᠳ᠋ᠢᠶᠠᠨ ᠽᠢ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 41.72 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 34.80 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 5.39 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 1.54 ᠲᠦᠮᠡᠨ ᠮᠥ ᠪᠣᠯᠪᠠ᠃      ᠲᠠᠪᠤ᠂  ᠡᠷᠳᠡᠨᠢ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 25.35 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨᠳᠦᠰᠦᠨ ᠨᠤᠲᠤᠭ ᠪᠡᠯᠴᠢᠭᠡᠷ 16.92 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 8.22 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.21 ᠲᠦᠮᠡᠨ ᠮᠥ ᠪᠣᠯᠪᠠ᠃      ᠵᠢᠷᠭᠤᠭ᠎ᠠ᠂ ᠦᠨᠳᠦᠰᠦᠲᠡᠨ ᠤ ᠪᠦᠯᠬᠦᠮᠳᠡᠯ ᠰᠢᠶᠠᠩ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 11.21 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 5.14 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 5.55 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.51 ᠲᠦᠮᠡᠨ ᠮᠥ ᠪᠣᠯᠪᠠ᠃      ᠳᠣᠯᠤᠭ᠎ᠠ᠂  ᠰᠠᠶᠢᠬᠤᠰᠤ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 21.62 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨᠳᠦᠰᠦᠨ ᠨᠤᠲᠤᠭ ᠪᠡᠯᠴᠢᠭᠡᠷ 13.46 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 7.59 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.56 ᠲᠦᠮᠡᠨ ᠮᠥ ᠪᠣᠯᠪᠠ᠃       ᠨᠠᠢᠮᠠ᠂ ᠡᠤ ᠬᠥ᠋ ᠴᠢᠤᠸᠠᠨ ᠰᠢᠶᠠᠩ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 13.24 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 8.05 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 5.18 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.01 ᠲᠦᠮᠡᠨ ᠮᠥ ᠪᠣᠯᠪᠠ᠃      ᠶᠢᠰᠦ᠂ ᠵᠠᠩ ᠭᠤᠤ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 15.92 ᠲᠦᠮᠡᠨ ᠮᠥ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨᠳᠦᠰᠦᠨ ᠨᠤᠲᠤᠭ ᠪᠡᠯᠴᠢᠭᠡᠷ 11.42 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 3.60 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠨᠥᠭᠡᠴᠡᠯᠡᠬᠦ ᠣᠷᠣᠨ 0.91 ᠲᠦᠮᠡᠨ ᠮᠥ ᠪᠣᠯᠪᠠ᠃                                   ᠣᠨᠴᠠᠭᠠᠶᠢᠯᠠᠨ ᠵᠠᠷᠯᠠᠪᠠ                   ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                            2023 ᠣᠨ ᠤ 6 ᠰᠠᠷ᠎ᠠ ᠶᠢᠨ 25᠎ ᠤ  ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3