︽ᠠᠷᠠᠳ ᠤᠨ ᠰᠣᠶᠣᠯ ᠤᠷᠠᠯᠢᠭ ᠤᠨ ᠨᠤᠲᠤᠭ︾ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠵᠠᠯᠭᠠᠮᠵᠢᠯᠠᠬᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠡᠷᠭᠦᠯᠲᠡ ᠶᠢ ᠠᠬᠢᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠰᠢᠩ ᠾᠧ ᠰᠢᠶᠠᠨ ᠤ ᠵᠠᠩ ᠭᠤᠤ ᠪᠠᠯᠭᠠᠰᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ ︽ | ᠡᠷᠲᠡᠨ ᠤ ᠪᠠᠯᠭᠠᠰᠤ ᠪᠠᠷ ᠲᠣᠭᠤᠷᠢᠬᠤ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠤᠭᠲᠤᠬᠤ · ᠠᠷᠠᠳ ᠤᠨ ᠵᠠᠩ | ᠦᠢᠯᠡ ᠶᠢ ᠰᠣᠨᠢᠷᠬᠠᠬᠤ︾ ᠠᠵᠢᠯᠯᠠᠭ᠎ᠠ ᠥᠷᠨᠢᠭᠦᠯᠪᠡ᠃ | ᠵᠠᠩ ᠭᠤᠤ ᠪᠠᠯᠭᠠᠰᠤ ᠪᠣᠯ ᠤᠯᠠᠭᠠᠨᠴᠠᠪ ᠤᠨ ᠬᠠᠮᠤᠭ ᠤᠨ ᠡᠷᠲᠡᠨ ᠤ ᠪᠠᠯᠭᠠᠰᠤ ᠶᠢᠨ ᠨᠢᠭᠡ ᠪᠣᠯᠤᠨ᠎ᠠ᠃ ᠮᠢᠩ ᠤᠯᠤᠰ | ᠂ ᠴᠢᠩ ᠤᠯᠤᠰ ᠤᠨ ᠦᠶ᠎ᠡ ᠳᠤ᠂ ᠳᠠᠷᠤᠢ ᠳᠣᠲᠣᠷ᠎ᠠ ᠭᠠᠵᠠᠷ ᠠᠴᠠ ᠬᠢᠯᠢ ᠬᠢᠵᠠᠭᠠᠷ ᠣᠷᠣᠨ ᠳᠤ ᠨᠡᠪᠲᠡᠷᠡᠬᠦ ᠴᠢᠬᠤᠯᠠ ᠵᠠᠮ | ᠬᠠᠷᠢᠯᠴᠠᠭᠠᠨ ᠤ ᠬᠦᠢᠰᠦ ᠪᠣᠯᠬᠤ ᠪᠥᠭᠡᠳ ᠪᠠᠰᠠ ᠴᠢᠬᠤᠯᠠ ᠲᠠᠸᠠᠷ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠠᠶᠢᠵᠤ᠂ | ᠬᠤᠳᠠᠯᠳᠤᠭᠠᠴᠢᠨ ᠮᠠᠶᠢᠮᠠᠶᠢᠴᠢᠳ ᠬᠤᠷᠠᠨ ᠴᠤᠭᠯᠠᠷᠠᠵᠤ᠂ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ᠠᠷᠠᠳ ᠤᠨ | ᠳᠤᠮᠳᠠᠬᠢ ᠨᠡᠶᠢᠭᠡᠮ ᠤᠨ ᠠᠵᠢᠯᠯᠠᠭ᠎ᠠ ᠨᠢᠭᠡᠨᠲᠡ 300 ᠭᠠᠷᠤᠢ ᠵᠢᠯ ᠤᠨ ᠲᠡᠦᠬᠡ ᠲᠠᠢ ᠪᠤᠯᠵᠤ᠂ 2021 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠳᠤ 2021 — 2023 ᠣᠨ ᠤ | ︽ᠪᠦᠬᠦ ᠣᠷᠣᠨ ᠤ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠦᠨᠡᠯᠡᠭᠳᠡᠪᠡ᠃ | ᠡᠨᠡ ᠵᠢᠯ ᠤᠨ ᠠᠵᠢᠯᠯᠠᠭ᠎ᠠ᠂ ᠲᠡᠳᠡ ︽ᠠᠷᠠᠳ ᠤᠨ ᠤᠷᠠᠯᠢᠭ ᠢᠶᠠᠷ ᠬᠥᠳᠡᠭᠡ ᠲᠣᠰᠬᠤᠨ ᠤ ᠤᠯᠠᠮᠵᠢᠯᠠᠯᠲᠤ | ᠰᠣᠶᠣᠯ ᠢ ᠭᠡᠷᠡᠯᠲᠦᠭᠦᠯᠦᠨ ᠬᠥᠭᠵᠢᠯᠲᠡ ᠳᠤ ᠬᠦᠴᠦ ᠨᠡᠮᠡᠷᠢᠯᠡᠶ᠎ᠡ︾ ᠭᠡᠬᠦ ᠭᠤᠣᠯ ᠰᠡᠳᠦᠪ ᠢᠶᠠᠨ ᠪᠣᠯᠭᠠᠵᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠨᠤᠲᠤᠭ ᠤᠨ ᠤᠨᠴᠠᠯᠢᠭᠳᠤ ᠰᠣᠶᠣᠯ ᠤᠨ ᠡᠬᠢ ᠪᠠᠶᠠᠯᠢᠭ ᠢ ᠭᠦᠢᠴᠡᠳ | ᠠᠰᠢᠭᠯᠠᠨ᠂ ᠡᠷᠲᠡᠨ ᠤ ᠪᠠᠯᠭᠠᠰᠤᠨ ᠤ ᠰᠣᠶᠣᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠢ ᠣᠲᠣ | ᠦᠶ᠎ᠡ ᠶᠢᠨ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ | ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠠᠰᠠᠷ ᠳᠠᠮᠨᠠᠬᠤ᠂ ᠠᠰᠠᠷ ᠮᠠᠭᠠᠵᠢᠬᠤ᠂ | ᠯᠠᠷᠵᠢᠶ᠎ᠠ ᠲᠠᠲᠠᠬᠤ ᠪᠠᠷ ᠪᠠᠷᠠᠬᠤ ᠥᠬᠡᠶ ᠪᠠᠰᠠ ᠶᠠᠩᠭᠠᠷ ᠲᠣᠭᠯᠠᠬᠤ ᠵᠢᠴᠢ ᠱᠠᠨ ᠰᠢ ᠶᠢᠨ ᠵᠦᠴᠦᠭᠡ᠂ ᠼᠢᠷᠺ ᠪᠠ | ᠰᠦᠯᠵᠢᠶᠡᠨ ᠤ ᠤᠯᠠᠭᠠᠨ ᠵᠤᠭ᠎ᠠ ᠴᠡᠩᠭᠡᠯ ᠤᠨ ᠲᠥᠷᠥᠯ ᠵᠦᠢᠯ ᠵᠡᠷᠭᠡ ᠪᠣᠶ᠃ | ᠵᠢᠷᠭᠤᠭᠠᠨ ᠡᠳᠦᠷ ᠤᠨ ᠠᠵᠢᠯᠯᠠᠭ᠎ᠠ ᠳᠤ ᠶᠡᠭᠡ ᠬᠡᠮᠵᠢᠶᠡᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠣᠭᠤᠷᠢᠨ | ᠦᠵᠡᠬᠦ ᠪᠠᠷ ᠢᠷᠡᠭᠰᠡᠨ ᠬᠥᠮᠦᠨ ᠤ ᠲᠤᠭ᠎ᠠ 12 ᠲᠦᠮᠡ ᠭᠠᠷᠤᠢ ᠬᠥᠮᠦᠨ ᠤᠳᠠᠭ᠎ᠠ ᠳᠤ ᠬᠦᠷᠴᠦ᠂ ᠡᠭᠦᠨ ᠤ ᠵᠡᠷᠭᠡ ᠳᠤ | 300 ᠭᠠᠷᠤᠢ ᠬᠤᠳᠠᠯᠳᠤᠭᠠᠴᠢᠨ ᠬᠦᠷᠦᠯᠴᠡᠨ ᠢᠷᠡᠵᠦ ᠳᠡᠯᠭᠡᠭᠡ ᠮᠠᠶᠢᠮᠠᠶ ᠬᠢᠵᠦ᠂ ᠥᠷᠭᠡᠨ ᠤᠯᠠᠨ ᠵᠤᠭᠠᠴᠠᠭᠰᠠᠳ ᠲᠤ | ᠨᠢᠭᠡ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠶᠡᠭᠡ ᠬᠤᠭᠤᠯᠠ ᠶᠢ ᠡᠳ᠋ᠯᠡᠭᠦᠯᠵᠦ᠂ ᠪᠣᠳᠠᠰ ᠤᠨ ᠪᠤᠰᠤ | ᠰᠣᠶᠣᠯ ᠤᠨ ᠥᠪ ᠤᠨ ᠷᠢᠳᠢ ᠰᠢᠳᠢ ᠪᠠ ᠰᠣᠶᠣᠯ ᠤᠨ ᠦᠨ᠎ᠡ ᠦᠷᠳᠡᠭ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |