ᠰᠢᠩ ᠾᠧ ᠰᠢᠶᠠᠨ ᠰᠢᠶᠠᠨ ᠤ ᠵᠠᠰᠠᠭ ᠤᠨ ᠣᠷᠳᠣᠨ ᠤ 2023 ᠣᠨ ᠤ 9 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 11 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 29᠎ ᠤ ᠡᠳᠦᠷ᠂ ᠰᠢᠶᠠᠨ ᠤ ᠨᠠᠮ ‍ᠤᠨ‌ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠢᠩᠰᠢᠶᠠ ᠶᠢᠨ ᠢᠷᠭᠠᠢ ᠬᠤᠳᠠ ᠶᠢᠨ ᠰᠢᠩ ᠴᠢᠩ ᠲᠣᠭᠤᠷᠢᠭ ᠤᠨ ᠹᠦ᠋ ᠶᠠᠩ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠤᠢᠢᠷ᠎ᠠ ᠶᠢᠨ ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠵᠢᠴᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠎ ᠶᠢ ᠤᠯᠠᠮᠵᠢᠯᠠᠨ ᠰᠤᠷᠤᠯᠴᠠᠵᠤ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠬᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠷᠦ᠋ᠢᠬᠠᠨ ᠥᠷᠨᠢᠭᠦᠯᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ︽ᠲᠦᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠯᠤᠭᠤᠨ ᠪᠠᠶᠢᠬᠤ︾ ᠠᠷᠭ᠎ᠠ ᠬᠡᠯᠪᠡᠷᠢ ᠶᠢ ᠠᠪᠴᠤ᠂ ᠰᠢᠲᠠᠮᠠᠬᠠᠢ ᠬᠡᠢ ᠶᠢᠨ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠵᠢᠯᠣᠭᠤᠳᠴᠤ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠢ᠃ ᠥᠨᠳᠥᠷ ᠪᠦᠲᠦᠮᠵᠢᠲᠡᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠮᠤᠷ ᠲᠦᠪᠰᠢᠨ ᠤ ᠠᠵᠢᠯᠲᠠᠨ ᠲᠣᠮᠢᠯᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠲᠠᠰᠤᠷᠠᠯᠳᠡ ᠦᠭᠡᠢ ᠭᠦᠨᠵᠡᠭᠡᠶᠢᠷᠡᠭᠦᠯᠬᠦ ᠬᠡᠷᠡᠭᠲᠡᠢ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ ᠪᠣᠯᠤᠨ ᠦᠭᠡ ᠬᠡᠯᠡᠬᠦ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠰᠢᠨ᠎ᠡ ᠠᠷᠭ᠎ᠠ ᠶᠢ ᠲᠡᠰᠦᠷᠡᠯᠳᠠ ᠤᠢᠭᠡᠢ ᠬᠠᠶᠢᠨ ᠰᠦᠪᠡᠭᠴᠢᠯᠡᠵᠦ᠂ ᠨᠠᠮ ᠤᠨ ᠤᠨᠦᠯ᠂ ᠱᠤᠭᠤᠮ᠂ ᠴᠢᠭᠯᠡᠯᠲᠡ ᠪᠣᠯᠤᠨ ᠲᠦᠷᠦ ᠶᠢᠨ ᠪᠤᠳᠦᠯᠭ᠎ᠠ ᠶᠢᠨ ᠤᠬᠠᠭᠤᠯᠭ᠎ᠠ ᠬᠥᠮᠦᠵᠢᠯ ᠢ ᠪᠣᠳᠠᠲᠤ ᠠᠵᠢᠯ ᠲᠠᠢ ᠴᠢᠳᠠᠮᠠᠭᠠᠶ ᠪᠠᠷ ᠨᠢᠭᠲᠠ ᠤᠶᠠᠯᠳᠤᠭᠤᠯᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠬᠦᠴᠦᠯᠡᠨ ᠪᠤᠵᠠᠭᠠᠶᠢᠷᠠᠭᠤᠯᠬᠤ ᠬᠡᠷᠡᠭᠲᠡᠶ᠃ ᠤᠬᠠᠮᠰᠠᠷ ᠠᠴᠠ ᠪᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠪᠠ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠡᠳᠬᠢᠯ ᠳᠡᠭᠡᠨ ᠪᠤᠳᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠵᠤᠤ ᠬᠤᠢ ᠵᠢᠤᠢ᠂ ᠭᠦᠩ ᠰᠢᠤ ᠯᠦᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3