ᠮᠠᠨ ᠤ ᠰᠢᠶᠠᠨ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 28 ᠤ ᠡᠳᠦᠷ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠡᠳ᠋ ᠬᠠᠨᠳᠢᠪᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ ᠰᠢᠨ ᠴᠧᠩ ᠨᠡᠶᠢᠭᠡᠮ ᠲᠣᠭᠤᠷᠢᠭ᠂ ᠰᠢᠩ ᠴᠠᠩ ᠨᠡᠶᠢᠭᠡᠮ ᠲᠣᠭᠤᠷᠢᠭ ᠪᠣᠯᠤᠨ ᠮᠢᠩ ᠳᠤ ᠪᠠᠭ᠎ᠠ ᠰᠤᠷᠭᠠᠭᠤᠯᠢ ᠠᠴᠠ ᠢᠷᠡᠭᠰᠡᠨ ᠴᠢᠰᠤ ᠪᠦᠲᠦᠭᠡᠬᠦ ᠭᠤᠤᠯ ᠡᠰ ᠤᠨ ᠰᠠᠶᠢᠨ ᠳᠤᠷ᠎ᠠ ᠠᠴᠠ ᠪᠠᠨ ᠬᠠᠨᠳᠢᠪᠯᠠᠭᠰᠠᠨ 31 ᠬᠥᠮᠦᠨ ᠴᠢᠰᠤᠨ ᠤ ᠥᠯᠢᠭᠡᠷ᠂ ᠴᠢᠰᠤᠨ ᠤ ᠥᠯᠢᠭᠡᠷ ᠠᠪᠴᠤ ᠬᠡᠯᠪᠡᠷᠢ ᠬᠤᠪᠢᠶᠠᠨ ᠰᠢᠯᠭᠠᠨ ᠪᠠᠶᠢᠴᠠᠭᠠᠭᠰᠠᠨ ᠤ ᠳᠠᠷᠠᠭ᠎ᠠ᠂ ᠲᠤᠭ᠎ᠠ ᠪᠠᠷᠢᠮᠲᠠ ᠶᠢ ᠳᠤᠮᠳᠠᠳᠤ ᠶᠢᠨ ᠴᠢᠮᠥᠭᠡᠨ ᠬᠥᠮᠥᠷᠭᠡ ᠳᠤ ᠬᠠᠳᠠᠭᠠᠯᠠᠬᠤ ᠪᠣᠯᠤᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠴᠢᠰᠤ ᠦᠢᠯᠡᠳᠬᠦ ᠭᠤᠤᠯ ᠡᠰ ᠤᠨ ᠬᠠᠨᠳᠢᠪᠯᠠᠭᠴᠢ ᠶᠢᠨ ᠬᠥᠮᠥᠷᠭᠡ ᠳᠤ ᠣᠷᠣᠭᠤᠯᠬᠤ ᠨᠥᠬᠦᠴᠡᠯ᠂ ᠨᠡᠷ᠎ᠡ ᠮᠡᠳᠡᠭᠦᠯᠬᠦ ᠠᠷᠭ᠎ᠠ ᠮᠠᠶ᠋ᠢᠭ᠂ ᠴᠤᠭᠯᠠᠭᠤᠯᠬᠤ ᠶᠠᠪᠤᠴᠠ ᠵᠡᠷᠭᠡ ᠬᠠᠮᠢᠶ᠎ᠠ ᠪᠥᠬᠦᠶ ᠮᠡᠳᠡᠯᠭᠡ ᠶᠢ ᠨᠠᠷᠢᠨ ᠲᠠᠶᠢᠯᠪᠤᠷᠢᠯᠠᠪᠠ᠃ ᠰᠠᠶᠢᠨ ᠳᠤᠷ᠎ᠠ ᠶᠢᠨ ᠠᠵᠢᠯᠯᠠᠭᠴᠢᠳ ︽ᠳᠤᠮᠳᠠᠳᠤ ᠶᠢᠨ ᠴᠢᠮᠥᠭᠡᠨ ᠬᠥᠮᠥᠷᠭᠡ ᠶᠢ ᠬᠥᠮᠥᠷᠭᠡ ᠳᠤ ᠣᠷᠣᠭᠤᠯᠬᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠥᠪᠰᠢᠶᠡᠷᠡᠯ ᠤᠨ ᠪᠢᠴᠢᠭ︾ ᠢ ᠨᠠᠷᠢᠨ ᠬᠢᠨᠠᠮᠠᠭᠠᠶ ᠤᠩᠰᠢᠭᠰᠠᠨ ᠤ ᠳᠠᠷᠠᠭ᠎ᠠ ᠪᠦᠷᠢᠳᠬᠡᠯ ᠤᠨ ᠬᠦᠰᠦᠨᠦᠭ ᠢ ᠨᠠᠷᠢᠨ ᠨᠢᠮᠪᠠᠶ ᠲᠠᠭᠯᠠᠭᠰᠠᠨ ᠪᠥᠭᠡᠳ ᠡᠮᠴᠢ ᠰᠤᠪᠢᠯᠠᠭᠴᠢᠳ ᠲᠤ ᠬᠠᠮᠵᠢᠨ ᠴᠢᠰᠤᠨ ᠤ ᠦᠯᠢᠭᠡᠷ ᠠᠪᠴᠤ ᠴᠤᠭᠯᠠᠭᠤᠯᠵᠠᠶ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠪᠠᠰᠠ ᠴᠢᠰᠤᠨ ᠤ ᠦᠯᠢᠭᠡᠷ ᠴᠤᠭᠯᠠᠭᠤᠯᠬᠤ ᠰᠠᠶᠢᠨ ᠳᠤᠷ᠎ᠠ ᠶᠢᠨ ᠠᠵᠢᠯᠯᠠᠭᠰᠠᠳ ᠲᠤ ᠢᠷᠠᠭᠤ ᠠᠯᠳᠠᠷ ᠤᠨ ᠦᠨᠡᠮᠯᠡᠯ ᠣᠯᠭᠤᠵᠠᠢ᠃      ᠣᠶᠢᠯᠠᠭᠠᠭᠰᠠᠨ ᠢᠶᠠᠷ᠂ ᠴᠢᠰᠤ ᠪᠦᠲᠦᠭᠡᠬᠦ ᠭᠤᠤᠯ ᠡᠰ ᠪᠣᠯ ᠤᠯᠠᠭᠠᠨ ᠴᠢᠮᠥᠭᠡ ᠠᠴᠠ ᠢᠷᠡᠯᠲᠡ ᠲᠠᠢ᠂ ᠥᠪᠡᠷ ᠢ ᠪᠠᠨ ᠰᠢᠨᠡᠳᠬᠡᠵᠦ ᠴᠢᠳᠠᠬᠤ᠂ ᠨᠡᠯᠢᠶᠡᠳ ᠴᠢᠩᠭ᠎ᠠ ᠢᠯᠭᠠᠷᠠᠨ ᠪᠤᠶᠢᠵᠢᠬᠤ ᠪᠠ ᠳᠠᠬᠢᠨ ᠤᠷᠭᠤᠬᠤ ᠴᠢᠳᠠᠪᠤᠷᠢ ᠲᠠᠢ᠂ ᠡᠯ᠎ᠡ ᠲᠥᠷᠥᠯ ᠤᠨ ᠴᠢᠰᠤᠨ ᠤ ᠡᠰ ᠢ ᠪᠣᠶ ᠪᠣᠯᠭᠠᠵᠤ ᠴᠢᠳᠠᠬᠤ ᠨᠢᠭᠡ ᠲᠥᠷᠥᠯ ᠤᠨ ᠡᠰ ᠮᠥᠨ᠂ ᠬᠡᠪ ᠤᠨ ᠪᠠᠶᠢᠳᠠᠯ ᠳᠣᠤᠷ᠎ᠠ᠂ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠤᠯ ᠡᠰ ᠢᠶᠠᠨ ᠬᠠᠨᠳᠢᠪᠯᠠᠬᠤ ᠠᠴᠠ ᠪᠣᠯᠵᠣ ᠴᠢᠰᠤ ᠪᠦᠲᠦᠭᠡᠬᠦ ᠴᠢᠳᠠᠪᠤᠷᠢ ᠶᠢ ᠡᠪᠳᠡᠬᠦ ᠥᠬᠡᠶ᠂ ᠴᠢᠰᠤ ᠪᠦᠲᠦᠭᠡᠬᠦ ᠭᠤᠤᠯ ᠡᠰ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠬᠠᠨᠳᠢᠪᠯᠠᠵᠤ᠂ ᠡᠷᠡᠭᠦᠯ ᠮᠡᠨᠳᠦ ᠶᠢ ᠬᠤᠬᠢᠷᠠᠭᠤᠯᠬᠤ ᠥᠬᠡᠶ ᠪᠠᠶᠢᠳᠠᠭ᠃ ᠴᠢᠰᠤ ᠪᠦᠲᠦᠭᠡᠬᠦ ᠭᠤᠣᠯ ᠡᠰ ᠢ ᠰᠢᠯᠵᠢᠭᠦᠯᠦᠨ ᠤᠷᠭᠤᠭᠤᠯᠬᠤ ᠪᠣᠯ ᠣᠳᠣᠬᠠᠨ ᠳᠤ ᠴᠢᠰᠤ ᠴᠠᠶᠢᠬᠤ ᠡᠪᠡᠳᠴᠢᠨ᠂ ᠳᠠᠬᠢᠨ ᠲᠥᠯᠥᠵᠢᠬᠦ ᠰᠠᠭᠠᠲᠠᠯ ᠤᠨ ᠴᠢᠨᠠᠷᠲᠠᠶ ᠴᠢᠰᠤ ᠳᠤᠲᠠᠬᠤ᠂ ᠬᠦᠨᠳᠦ ᠡᠪᠡᠳᠴᠢᠨ ᠤ ᠡᠭᠡᠯᠢᠯᠡᠭᠡ ᠳᠤᠲᠠᠮᠠᠭ ᠵᠡᠷᠭᠡ ᠣᠯᠠᠨ ᠵᠦᠢᠯ ᠤᠨ ᠡᠪᠡᠳᠴᠢᠨ ᠢ ᠵᠠᠰᠠᠬᠤ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3