ᠰᠢ ᠶᠢᠨ ᠫᠢᠩ ᠵᠢᠶᠠᠩᠰᠤ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠬᠤᠰᠢᠭᠤᠷᠠᠨ ᠵᠢᠱᠢᠶ᠎ᠡ ᠦᠵᠡᠭᠦᠯᠵᠦ ︽ᠬᠦᠴᠦᠷᠬᠡᠭ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠪᠣᠯᠪᠠᠰᠤᠨ︾ ᠰᠢᠨ᠎ᠡ ᠵᠢᠶᠠᠩᠰᠤ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/7/10
     ᠰᠢᠨᠬᠤᠸᠠ ᠬᠤᠷᠢᠶ᠎ᠠ ᠶᠢᠨ ᠨᠠᠨᠵᠢᠩ ᠤᠨ 7 ᠰᠠᠷ᠎ᠠ ᠶᠢᠨ 7᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠵᠢᠶᠠᠩᠰᠤ ᠳᠤ ᠰᠢᠨᠵᠢᠯᠡᠨ ᠪᠠᠶᠢᠴᠠᠭᠠᠬᠤ ᠳᠠᠭᠠᠨ᠂ ᠵᠢᠶᠠᠩᠰᠤ ᠠᠵᠤ ᠦᠢᠯᠡᠰ ᠤᠨ ᠰᠠᠭᠤᠷᠢ ᠪᠠᠲᠤ ᠪᠠᠬᠢ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠡᠯᠪᠡᠭ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠰᠢᠯᠢᠳᠡᠭ ᠰᠠᠶᠢᠨ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ ᠵᠡᠷᠭᠡ ᠳᠠᠪᠠᠭᠤᠯᠢᠭ ᠲᠠᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠭᠦ ᠴᠢᠳᠠᠪᠤᠷᠢ ᠲᠠᠢ ᠪᠥᠭᠡᠳ ᠬᠠᠷᠢᠭᠤᠴᠠᠯᠭ᠎ᠠ ᠲᠠᠢ ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠥᠯᠢᠭᠡᠷ ᠳᠠᠭᠤᠷᠢᠶᠠᠯ ᠪᠤᠯᠬᠤ ᠪᠠᠷ ᠴᠢᠷᠮᠠᠶᠢᠵᠤ᠂ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠲᠠᠯ᠎ᠠ ᠪᠠᠷ ᠵᠢᠱᠢᠶ᠎ᠡ ᠦᠵᠡᠭᠦᠯᠭᠦ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠤᠷᠢᠳ ᠢᠶᠠᠷ ᠪᠡᠶᠡᠯᠡᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠶᠠᠩᠰᠤ ᠶᠢᠨ ᠰᠢᠨ᠎ᠡ ᠦᠢᠯᠡᠳᠦᠯᠭᠡ ᠶᠢ ᠬᠦᠴᠦᠯᠡᠨ ᠠᠬᠢᠭᠤᠯᠵᠤ᠂ ︽ᠠᠵᠤ ᠠᠬᠤᠢ ᠬᠦᠴᠦᠷᠬᠡᠭ᠂ ᠠᠷᠠᠳ ᠲᠦᠮᠡᠨ ᠪᠠᠶᠠᠨ ᠴᠢᠨᠡᠭᠡᠯᠢᠭ᠂ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠥᠨᠳᠥᠷ︾ ᠰᠢᠨ᠎ᠡ ᠵᠢᠶᠠᠩᠰᠤ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      7 ᠰᠠᠷ᠎ᠠ ᠶᠢᠨ 5᠎ ᠠᠴᠠ 7᠎ ᠤ ᠡᠳᠦᠷ ᠪᠤᠯᠲᠠᠯ᠎ᠠ ᠰᠢ ᠶᠢᠨ ᠫᠢᠩ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ ᠺᠦᠨ ᠯᠢᠨ ᠤ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠰᠦᠵᠧᠦ᠂ ᠨᠠᠨᠵᠢᠩ ᠵᠡᠷᠭᠡ ᠭᠠᠵᠠᠷ ᠲᠤ ᠬᠦᠷᠴᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃      5᠎ ᠤ ᠦᠳᠡ ᠶᠢᠨ ᠬᠤᠶᠢᠨ᠎ᠠ ᠰᠢ ᠶᠢᠨ ᠫᠢᠩ ᠰᠦᠵᠧᠦ ᠳᠤ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠲᠡᠷᠭᠡᠨ ᠳᠤ ᠰᠠᠭᠤᠵᠤ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠪᠠ᠃ ᠬᠦᠷᠢᠶᠡᠯᠡᠩ ᠲᠣᠭᠤᠷᠢᠭ ᠤᠨ ᠦᠵᠡᠭᠦᠯᠭᠡ ᠶᠢᠨ ᠲᠥᠪ ᠲᠤ ᠰᠢ ᠶᠢᠨ ᠫᠢᠩ ᠰᠦᠵᠧᠦ ᠬᠤᠳᠠ ᠶᠢᠨ ᠠᠵᠤ ᠦᠢᠯᠡᠰ ᠤᠨ ᠬᠥᠭᠵᠢᠯᠲᠡ ᠪᠣᠯᠣᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠢᠨ᠎ᠡ ᠶᠢ ᠡᠭᠦᠳᠬᠦ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠪᠡ᠃ ᠰᠢ ᠶᠢᠨ ᠫᠢᠩ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠤᠮᠳᠠ ᠴᠢᠬᠤᠯᠠ ᠶᠡᠭᠡ ᠪᠥᠭᠡᠳ ᠢᠷᠠᠭᠤ ᠠᠯᠳᠠᠷᠲᠠᠢ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠮᠡᠷᠭᠡᠵᠢᠯ ᠢᠶᠠᠷ ᠰᠢᠨ᠎ᠡ ᠠᠵᠤ ᠦᠢᠯᠡᠰ ᠢ ᠲᠠᠰᠤᠷᠠᠯᠲᠠ ᠦᠭᠡᠢ ᠪᠤᠶᠢᠵᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠶᠢ ᠳᠠᠭᠠᠭᠤᠯᠬᠤ ᠬᠡᠷᠡᠭᠲᠡᠢ᠃ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠨᠡᠭᠡᠭᠡᠯᠲᠡᠲᠡᠢ ᠰᠢᠨ᠎ᠡ ᠶᠢ ᠡᠭᠦᠳᠬᠦ ᠳᠡᠯᠡᠬᠡᠢ ᠶᠢᠨ ᠲᠡᠷᠢᠭᠦᠨ ᠵᠡᠷᠭᠡ ᠶᠢᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠠᠷᠠᠭ᠎ᠠ ᠨᠢ ᠰᠢ ᠶᠢᠨ ᠫᠢᠩ ᠰᠦᠵᠧᠦ ᠶᠢᠨ ᠬᠤᠸᠠ ᠰᠢᠩ ᠶᠤᠸᠠᠨ ᠴᠤᠸᠠᠩ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠦᠵᠡᠭᠦᠯᠭᠡ ᠶᠢᠨ ᠲᠢᠩᠬᠢᠮ᠂ ᠰᠤᠳᠤᠯᠤᠨ ᠨᠡᠭᠡᠭᠡᠬᠦ ᠦᠢᠯᠡᠳᠪᠦᠷᠢ ᠶᠢᠨ ᠲᠠᠰᠤᠭ᠂ ᠭᠡᠷᠡᠯ ᠴᠠᠭᠢᠯᠭᠠᠨ ᠤ ᠲᠤᠷᠰᠢᠯᠲᠠ ᠶᠢᠨ ᠲᠠᠰᠤᠭ ᠲᠤ ᠬᠦᠷᠴᠦ ᠂ ᠦᠢᠯᠡᠳᠬᠦᠨ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠲᠤᠷᠰᠢᠬᠤ ᠶᠠᠪᠤᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢᠨ ᠦᠢᠯᠡᠳᠬᠦᠨ ᠤ ᠴᠢᠳᠠᠪᠬᠢ᠂ ᠬᠡᠷᠡᠭᠴᠡᠭᠡ᠂ ᠵᠠᠬ᠎ᠠ ᠳᠡᠯᠭᠡᠭᠦᠷ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠲᠠᠳ ᠨᠢ ᠴᠥᠮ ᠵᠠᠯᠠᠭᠤᠴᠤᠳ ᠪᠤᠯᠬᠤ ᠶᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠵᠠᠯᠠᠭᠤᠴᠤᠳ ᠲᠤ ᠥᠷᠭᠡᠨ ᠠᠭᠤᠳᠠᠮ ᠲᠠᠪᠴᠠᠩ ᠬᠠᠩᠭᠠᠵᠠᠢ᠂ ᠤᠯᠠᠨ ᠢᠶᠠᠷ ᠢᠶᠠᠨ ᠶᠠᠭ ᠲᠣᠬᠢᠲᠠᠢ ᠴᠠᠭ ᠲᠤᠨᠢ ᠲᠠᠭᠠᠷᠠᠪᠠ᠂ ᠲᠡᠦᠬᠡ ᠶᠢᠨ ᠠᠵᠠ ᠲᠣᠭᠢᠶᠠᠯ ᠢ ᠡᠵᠡᠮᠳᠡᠵᠦ᠂ ᠡᠷᠳᠡᠮ ᠴᠢᠳᠠᠪᠤᠷᠢ ᠪᠠᠨ ᠶᠡᠭᠡ ᠪᠠᠷ ᠢᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠭᠢᠯ ᠳᠤ ᠵᠣᠷᠢᠭᠲᠠᠢ ᠠᠪᠠᠷᠢᠬᠤ ᠬᠡᠷᠡᠭᠲᠡᠢ᠂ ᠢᠷᠡᠭᠡᠳᠦᠢ ᠳᠤ ᠲᠠ ᠨᠠᠷ ᠯᠠᠪᠲᠠᠢ ᠦᠨᠳᠦᠰᠦᠲᠡᠨ ᠤ ᠰᠡᠷᠭᠦᠨ ᠮᠠᠨᠳᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠡᠭᠡᠨ ᠣᠮᠣᠭᠰᠢᠬᠤ ᠶᠤᠮ ᠭᠡᠪᠡ᠃      ᠰᠦᠵᠧᠦ ᠶᠢᠨ ᠡᠷᠲᠡᠨ ᠤ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠫᠢᠩᠵᠢᠶᠠᠩ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠨᠢ 2500 ᠭᠠᠷᠤᠢ ᠵᠢᠯ ᠤᠨ ᠲᠡᠦᠬᠡ ᠲᠠᠢ ᠪᠣᠯᠵᠠᠢ᠃ 6᠎ ᠤ ᠦᠳᠡ ᠶᠢᠨ ᠡᠮᠦᠨ᠎ᠡ ᠰᠢ ᠶᠢᠨ ᠫᠢᠩ ᠠᠳᠡ ᠰᠢᠨᠵᠢᠯᠡᠨ ᠪᠠᠶᠢᠴᠠᠭᠠᠵᠤ᠂ ᠰᠦᠵᠧᠦ ᠶᠢᠨ ᠡᠷᠲᠡᠨ ᠤ ᠬᠤᠳᠠ ᠶᠢᠨ ᠬᠠᠮᠠᠭᠠᠯᠠᠯᠲᠠ ᠵᠢᠴᠢ ᠫᠢᠡᠭᠵᠢᠶᠠᠩ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ᠂ ᠰᠡᠯᠪᠢᠨ ᠵᠠᠰᠠᠯᠲᠠ᠂ ᠠᠰᠢᠭᠯᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠡᠷᠲᠡᠨ ᠤ ᠵᠡᠭᠡᠯᠢ ᠶᠢᠨ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ ᠰᠦᠵᠧᠦ ᠬᠠᠳᠬᠤᠮᠠᠯ ᠬᠠᠳᠬᠤᠵᠤ ᠪᠠᠶᠢᠭ᠎ᠠ ᠪᠠᠶᠢᠳᠠᠯ ᠢ ᠰᠣᠨᠢᠷᠬᠠᠵᠤ᠂ ᠴᠠᠭᠠᠨ ᠰᠠᠷ᠎ᠠ ᠶᠢᠨ ᠵᠢᠷᠤᠭ ᠬᠡᠪᠯᠡᠨ ᠦᠢᠯᠡᠳᠪᠦᠷᠢᠯᠡᠵᠦ ᠪᠠᠶᠢᠭ᠎ᠠ ᠶᠢ ᠪᠡᠶᠡᠴᠢᠯᠡᠨ ᠣᠶᠢᠯᠠᠭᠠᠪᠠ᠃ ᠲᠡᠷᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠦᠶ᠎ᠡ ᠶᠢᠨ ᠦᠶ᠎ᠡ ᠳᠡᠭᠡᠨ ᠤᠯᠠᠮᠵᠢᠯᠠᠭᠳᠠᠵᠤ᠂ ᠲᠡᠭᠦᠨ ᠤ ᠤᠶᠠᠨ ᠬᠠᠳᠠᠨ ᠴᠢᠨᠠᠷ᠂ ᠬᠦᠯᠢᠴᠡᠩᠭᠦᠢ ᠴᠢᠨᠠᠷ᠂ ᠲᠣᠭᠲᠠᠯ ᠬᠦᠴᠦᠨ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠨᠢᠭᠡ ᠬᠡᠰᠡᠭ ᠪᠣᠯᠣᠨ᠎ᠠ ᠭᠡᠵᠡᠢ᠃      ᠵᠡᠭᠡᠯᠢ ᠶᠢᠨ ᠬᠠᠵᠠᠭᠤ ᠳᠠᠬᠢ ᠵᠢᠵᠢᠭ ᠲᠠᠯᠠᠪᠠᠢ ᠳᠤ ᠠᠶ᠎ᠠ ᠬᠥᠭᠵᠢᠮ ᠬᠠᠩᠭᠢᠨᠠᠵᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠰᠦᠵᠧᠦ ᠶᠢᠨ ᠱᠤᠳᠤᠷᠭᠤ ᠶᠢᠨ ᠦᠯᠢᠭᠡᠷ ᠢ ᠰᠣᠨᠢᠷᠬᠠᠪᠠ᠃ ᠶᠡᠷᠦᠩᠬᠡᠢ ᠱᠦᠵᠢ ᠢᠷᠡᠭᠰᠡᠨ ᠢ ᠦᠵᠡᠭᠡᠳ ᠤᠯᠠᠨ ᠢᠶᠠᠷ ᠢᠶᠠᠨ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ ᠤᠯᠠᠨ ᠲᠠᠢ ᠬᠠᠮᠲᠤ ᠲᠣᠬᠯᠠᠯᠲᠠ ᠰᠣᠨᠢᠷᠬᠠᠬᠤ ᠶᠢᠨ ᠬᠠᠮᠲᠤ ᠥᠴᠥᠭᠡᠳᠦᠷ ᠪᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠦᠵᠡᠵᠦ᠂ ᠡᠨᠡ ᠡᠳᠦᠷ ᠤᠯᠠᠮᠵᠢᠯᠠᠯᠲᠤ ᠰᠣᠶᠣᠯ ᠤᠨ ᠵᠡᠭᠡᠯᠢ ᠲᠣᠭᠤᠷᠢᠭ ᠢ ᠦᠵᠡᠯ᠎ᠡ᠂ ᠭᠠᠵᠠᠷ ᠪᠣᠯᠭᠠᠨ ᠳᠤ ᠡᠷᠲᠡᠨ ᠤ ᠪᠠᠭᠤᠷᠢ᠂ ᠠᠯᠳᠠᠷᠲᠤ ᠦᠵᠡᠮᠵᠢ᠂ ᠰᠣᠶᠣᠯ ᠪᠠᠶᠢᠵᠤ᠂ ᠠᠳᠡ ᠠᠮᠢᠳᠤᠷᠠᠬᠤ ᠨᠢ ᠲᠦᠢᠯ ᠤᠨ ᠵᠣᠯ ᠵᠢᠷᠭᠠᠯ ᠲᠠᠢ᠃ ᠰᠦᠵᠧᠦ ᠡᠷᠲᠡᠨ ᠤ ᠤᠯᠠᠮᠵᠢᠯᠠᠯ ᠪᠠ ᠤᠳᠤ ᠦᠶ᠎ᠡ ᠶᠢ ᠤᠶᠠᠯᠳᠤᠭᠤᠯᠬᠤ ᠲᠠᠯ᠎ᠠ ᠪᠠᠷ ᠮᠠᠰᠢ ᠰᠠᠶᠢᠨ ᠠᠵᠢᠯᠯᠠᠵᠤ᠂ ᠲᠡᠦᠬᠡ ᠰᠣᠶᠣᠯ ᠤᠨ ᠤᠯᠠᠮᠵᠢᠯᠠᠯ ᠪᠠᠶᠢᠬᠤ ᠪᠠᠷ ᠪᠠᠷᠠᠬᠤ ᠦᠭᠡᠢ ᠪᠠᠰᠠ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠴᠢᠨᠠᠷ ᠰᠠᠶᠢᠲᠠᠢ ᠬᠥᠭᠵᠢᠯᠲᠡ ᠴᠤ ᠪᠠᠶᠢᠵᠤ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ ᠪᠠᠶᠢᠨ᠎ᠠ ᠭᠡᠵᠦ ᠤᠯᠠᠨ ᠳᠤ ᠬᠡᠯᠡᠪᠡ᠃ ᠲᠡᠷᠡ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ ᠫᠢᠩᠵᠢᠶᠠᠩ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ ᠰᠠᠶᠢᠲᠤᠷ ᠠᠭᠤᠳᠠᠯᠵᠤ᠂ ᠰᠠᠶᠢᠲᠤᠷ ᠬᠡᠷᠡᠭᠯᠡᠬᠦ ᠬᠡᠷᠡᠭᠲᠡᠢ᠂ ᠪᠣᠳᠠᠰ ᠤᠨ ᠭᠡᠯᠪᠡᠷᠢ ᠶᠢᠨ ᠲᠠᠯ᠎ᠠ ᠪᠠᠷ ᠰᠠᠶᠢᠲᠤᠷ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠨᠡᠩ ᠴᠤ ᠰᠡᠳᠬᠢᠯ ᠵᠢᠷᠦᠬᠡᠨ ᠳᠡᠭᠡᠨ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠭᠡᠵᠡᠢ᠃      ᠲᠤᠰ ᠡᠳᠦᠷ ᠤᠨ ᠦᠳᠡ ᠶᠢᠨ ᠬᠤᠶᠢᠨ᠎ᠠ ᠰᠢ ᠶᠢᠨ ᠫᠢᠩ ᠨᠠᠨᠵᠢᠩ ᠬᠤᠳᠠ ᠳᠤ ᠰᠢᠨᠵᠢᠯᠡᠨ ᠪᠠᠶᠢᠴᠠᠭᠠᠪᠠ᠃ ᠲᠡᠷᠡ ᠽᠢ ᠶᠢᠨ ᠱᠠᠨ ᠲᠤᠷᠰᠢᠯᠲᠠ ᠶᠢᠨ ᠲᠠᠰᠤᠭ ᠲᠤ ᠬᠦᠷᠴᠦ ᠦᠵᠡᠭᠦᠯᠭᠡ ᠶᠢᠨ ᠲᠢᠩᠬᠢᠮ᠂ 6G ᠶᠡᠷᠦᠩᠬᠡᠶᠢᠯᠡᠭᠰᠡᠨ ᠲᠤᠷᠰᠢᠯᠲᠠ ᠶᠢᠨ ᠲᠠᠰᠤᠭ ᠲᠤ ᠣᠷᠣᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢᠨ ᠪᠣᠭᠤᠮᠲᠠ ᠰᠢᠪᠲᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ ᠤᠳᠤ ᠮᠡᠳᠡᠭᠡ ᠵᠠᠩᠭᠢ ᠶᠢᠨ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠵᠦ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠴᠠᠭ ᠢᠮᠠᠭᠲᠠ ᠢᠯᠡᠷᠡᠵᠦ ᠮᠡᠳᠡᠨ᠎ᠡ᠂ ᠦᠨᠡᠨ ᠪᠣᠳᠠᠲᠠᠢ ᠰᠢᠨ᠎ᠡ ᠶᠢ ᠡᠭᠦᠳᠬᠦ ᠵᠠᠮ ᠢᠶᠠᠷ ᠵᠠᠮᠨᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠭᠠᠪᠢᠶ᠎ᠠ ᠵᠢᠳᠬᠦᠯ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠨᠠᠨ ᠷᠦᠢ ᠪᠦᠯᠦᠭᠯᠡᠯ ᠬᠢᠵᠠᠭᠠᠷᠲᠤ ᠺᠤᠮᠫᠠᠨᠢ ᠪᠣᠯ ᠤᠯᠤᠰ ᠤᠨ ᠴᠠᠭᠢᠯᠭᠠᠨ ᠲᠣᠣᠷ ᠤᠨ ᠺᠤᠮᠫᠠᠨᠢ ᠶᠢᠨ ᠬᠠᠷᠢᠶᠠᠨ ᠳᠠᠬᠢ ᠡᠨᠧᠷᠭᠢ ᠶᠢᠨ ᠢᠨᠲ᠋ᠧᠷ ᠰᠦᠯᠵᠢᠶᠡᠨ ᠤ ᠬᠦᠷᠢᠶᠡᠨ ᠤ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ᠂ ᠨᠠᠨᠵᠢᠩ ᠬᠤᠳᠠ ᠶᠢᠨ ᠣᠶᠤᠨᠲᠤ ᠴᠠᠭᠢᠯᠭᠠᠨ ᠲᠣᠣᠷ ᠤᠨ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠡᠵᠡᠮᠰᠢᠯᠲᠦ ᠮᠡᠷᠭᠡᠵᠢᠯ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠠᠵᠤ ᠠᠬᠤᠶᠢᠯᠠᠯ ᠤᠨ ᠣᠶᠤᠨᠴᠢ ᠦᠢᠯᠡᠳᠬᠦ ᠦᠢᠯᠡᠰ ᠤᠨ ᠲᠣᠭᠤᠷᠢᠭ ᠲᠤ ᠰᠢ ᠶᠢᠨ ᠫᠢᠩ ᠠᠵᠤ ᠠᠬᠤᠶᠢᠯᠠᠯ ᠤᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠬᠦ᠂ ᠴᠠᠭᠢᠯᠭᠠᠨ ᠲᠣᠣᠷ ᠤᠨ ᠠᠮᠤᠷ ᠲᠦᠪᠰᠢᠨ᠂ ᠴᠠᠭᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠡᠨᠧᠷᠭᠢ ᠶᠢᠨ ᠪᠠᠲᠤᠯᠠᠭ᠎ᠠ ᠪᠣᠯᠣᠨ ᠠᠮᠤᠷ ᠲᠦᠪᠰᠢᠨ ᠤᠯᠤᠰ ᠤᠨ ᠡᠳ᠋ ᠤᠨ ᠵᠠᠰᠠᠭ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠥᠴᠥᠬᠡᠨ ᠴᠤ ᠣᠮᠲᠣᠭᠠᠶᠢᠯᠠᠵᠤ ᠪᠣᠯᠣᠰᠢ ᠦᠭᠡᠢ ︽ᠤᠯᠤᠰ ᠤᠨ ᠶᠡᠭᠡ ᠶᠠᠪᠤᠳᠠᠯ︾ ᠮᠥᠨ᠃ ᠵᠠᠩᠭᠢᠯᠠᠭ᠎ᠠ ᠶᠢᠨ ᠮᠡᠷᠭᠡᠵᠢᠯ᠂ ᠭᠤᠣᠯᠯᠠᠬᠤ ᠦᠢᠯᠡᠳᠬᠦᠨ ᠤ ᠲᠡᠰ ᠲᠡᠪᠰᠢᠯᠳᠡ ᠪᠣᠯᠣᠨ ᠰᠢᠨ᠎ᠡ ᠮᠡᠷᠭᠡᠵᠢᠯ ᠤᠨ ᠣᠶᠤᠨᠴᠢ ᠬᠦᠴᠦᠨ ᠴᠢᠳᠠᠯ ᠣᠯᠭᠤᠬᠤ ᠶᠢ ᠲᠦᠷᠭᠡᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠣᠯᠣᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠠᠵᠤ ᠠᠬᠤᠶᠢᠯᠠᠯ ᠠᠴᠠ ᠮᠣᠷᠳᠠᠬᠤ ᠦᠶ᠎ᠡ ᠳᠤ ᠰᠢ ᠶᠢᠨ ᠫᠢᠩ ᠵᠠᠯᠠᠭᠤ ᠰᠤᠳᠤᠯᠤᠨ ᠨᠡᠭᠡᠭᠡᠬᠦ ᠠᠵᠢᠯᠲᠠᠳ ᠢ ᠵᠣᠷᠢᠭᠵᠢᠭᠤᠯᠵᠤ᠂ ᠣᠯᠠᠨ ᠢᠶᠠᠷ ᠢᠶᠠᠨ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠠᠯᠤᠰ ᠭᠡᠲᠦ ᠶᠢᠨ ᠵᠣᠷᠢᠯᠲᠠ ᠲᠠᠢ᠂ ᠯᠠᠪᠳᠠᠭᠤᠨ ᠪᠠᠲᠤᠲᠠᠢ ᠪᠠᠷ᠂ ᠠᠯᠬᠤᠮ ᠠᠯᠬᠤᠮ ᠢᠶᠠᠷ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠬᠦ ᠬᠠᠳᠠᠨ ᠵᠣᠷᠢᠭ ᠢᠶᠠᠷ᠂ ︽ᠨᠢᠭᠡ ᠨᠠᠰᠤ ᠪᠠᠷ ᠢᠶᠠᠨ ᠨᠢᠭᠡ ᠶᠠᠪᠤᠳᠠᠯ ᠢ ᠪᠦᠲᠦᠭᠡᠬᠦ︾ ᠪᠠᠷᠢᠮᠲᠠᠯᠠᠯ ᠢᠶᠠᠷ᠂ ᠳᠡᠭᠡᠳᠦ ᠨᠠᠷᠢᠯᠢᠭ ᠣᠷᠦ᠋ᠢᠯᠠᠭᠰᠠᠨ ᠮᠡᠷᠭᠡᠵᠢᠯ ᠤᠨ ᠰᠢᠪᠲᠤᠯᠤᠯᠲᠠ ᠬᠢᠵᠦ᠂ ᠦᠨ᠎ᠡ ᠥᠷᠲᠡᠭ ᠲᠠᠢ ᠠᠮᠢᠳᠤᠷᠠᠬᠤᠢ ᠶᠢ ᠴᠣᠭᠴᠠᠯᠠᠬᠤ ᠬᠡᠷᠡᠭᠲᠡᠢ ᠭᠡᠪᠡ᠃      7᠎ ᠤ ᠦᠳᠡ ᠶᠢᠨ ᠡᠮᠦᠨ᠎ᠡ ᠰᠢ ᠶᠢᠨ ᠫᠢᠩ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠶᠠᠩᠰᠤ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠵᠢᠶᠠᠩᠰᠤ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠰᠢᠨ᠎ᠡ ᠲᠤᠷᠰᠢᠯᠭ᠎ᠠ ᠶᠢ ᠰᠦᠪᠡᠭᠴᠢᠯᠡᠵᠦ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠤᠯᠬᠤ ᠶᠢ ᠬᠦᠰᠡᠪᠡ᠃      ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠣᠳᠣᠬᠢᠴᠢᠯᠠᠯᠲᠠ ᠳᠤ ᠪᠤᠢ᠃ ᠵᠢᠶᠠᠩᠰᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠲᠦᠷᠦᠭᠦᠯᠡᠨ ᠰᠢᠨ᠎ᠡ ᠰᠢᠪᠲᠤᠯᠤᠯᠲᠠ ᠭᠠᠷᠭᠠᠵᠤ᠂ ᠪᠦᠭᠦ ᠤᠯᠤᠰ ᠤᠨ ᠴᠢᠬᠤᠯᠠ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠠᠨ ᠠᠭᠤᠯᠤᠭᠳᠠᠬᠤᠨ ᠤ ᠭᠡᠯᠪᠡᠷᠢ ᠶᠢᠨ ᠨᠡᠮᠡᠭᠳᠡᠯ ᠳᠤ ᠨᠡᠩ ᠢᠯᠡᠭᠦᠦ ᠲᠦᠰᠢᠭᠯᠡᠬᠦ ᠪᠤᠯᠭᠠᠬᠤ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠴᠢᠬᠤᠯᠠ ᠡᠯᠧᠮᠧᠨ᠋ᠲ ᠢ ᠠᠵᠤ ᠠᠬᠤᠶᠢᠯᠠᠯ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠤᠯᠠᠨ ᠡᠰᠢᠵᠢᠭᠦᠯᠦᠨ ᠨᠡᠮᠡᠭᠳᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠣᠳᠠᠲᠤ ᠴᠣᠭᠴᠠ ᠶᠢᠨ ᠠᠵᠤ ᠠᠬᠤᠢ ᠶᠢ ᠪᠠᠲᠤ ᠰᠠᠬᠢᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠮᠤᠵᠢ  ᠪᠠᠨ ᠬᠦᠴᠦᠷᠬᠡᠭᠵᠢᠭᠦᠯᠬᠦ ᠶᠢᠨ ᠴᠢᠬᠤᠯᠠ ᠵᠦᠢᠯ ᠪᠤᠯᠭᠠᠵᠤ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠯᠡᠬᠦ ᠪᠠᠶᠢᠷᠢ ᠰᠠᠭᠤᠷᠢ ᠶᠢ ᠪᠠᠬᠢᠵᠢᠭᠦᠯᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠲᠣᠭᠠᠴᠢᠯᠠᠭᠰᠠᠨ ᠠᠵᠤ ᠠᠬᠤᠢ ᠪᠣᠯᠣᠨ ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠦ ᠲᠡᠰᠵᠢᠯᠳᠠ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯᠯᠠᠭᠴᠢ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠵᠤ᠂ ᠲᠦᠭᠵᠢᠷᠡᠯ ᠢ ᠢᠳᠡᠪᠬᠢᠲᠡᠢ ᠨᠠᠪᠲᠠᠷᠡᠭᠦᠯᠵᠦ᠂ ᠬᠦᠴᠢᠷᠳᠡᠯ ᠢ ᠵᠣᠯᠭᠠᠭᠤᠯᠵᠤ᠂ ᠭᠠᠳᠠᠭᠠᠳᠤ ᠪᠡᠯᠡ ᠶᠢ ᠲᠠᠲᠠᠬᠤ᠂ ᠨᠡᠭᠡᠭᠡᠯᠲᠡ ᠶᠢ ᠥᠷᠭᠡᠳᠬᠡᠬᠦ ᠰᠢᠨ᠎ᠡ ᠠᠷᠭ᠎ᠠ ᠭᠡᠯᠪᠡᠷᠢ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠨᠡᠴᠢᠯᠡᠵᠦ᠂ ᠳᠡᠯᠡᠬᠡᠢ ᠳ᠋ᠠᠬᠢᠨ ᠬᠦᠴᠦ ᠪᠠᠨ ᠬᠠᠮᠲᠤᠳᠬᠠᠭᠰᠠᠨ ᠬᠤᠣᠰ ᠴᠢᠭᠯᠡᠯᠲᠦ ᠨᠡᠭᠡᠭᠡᠯᠲᠡ ᠶᠢᠨ ᠬᠦᠢᠰᠦ ᠶᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠵᠢᠶᠠᠩᠰᠤ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠬᠥᠬᠡᠮᠥ᠋ᠷᠡᠨ ᠪᠠ ᠶᠡᠭᠡ ᠲᠠᠲᠠᠮᠠᠯ ᠭᠤᠣᠯ ᠬᠤᠶᠠᠷ ᠶᠡᠭᠡ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠤᠳᠤ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠤᠷᠭᠠᠨ ᠬᠥᠮᠦᠵᠢᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ᠠᠷᠠᠳ ᠤᠯᠠᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠣᠮ ᠪᠢᠴᠢᠭᠲᠦ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠤᠳᠤ ᠦᠶ᠎ᠡ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠵᠢᠶᠠᠩᠰᠤ ᠡᠷᠬᠡᠪᠰᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠪᠠ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠬᠠᠮᠵᠢᠯᠴᠠᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠲᠣᠭᠠᠴᠢᠯᠠᠯᠲᠠ ᠶᠢ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠦᠭᠦ ᠤᠯᠤᠰ ᠤᠳᠠᠯ ᠦᠭᠡᠢ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠭᠤᠣᠯ ᠮᠥᠷᠡᠨ ᠨᠠᠭᠤᠷ ᠴᠥᠭᠦᠷᠥᠮ ᠭᠤᠣᠯ ᠦᠶᠡᠷ ᠤᠨ ᠬᠤᠭᠤᠴᠠᠭᠠᠨ ᠤ ᠦᠶᠡᠷ ᠤᠰᠤᠲᠤᠯ ᠤᠨ ᠭᠠᠮᠰᠢᠭ ᠤᠨ ᠬᠦᠨᠳᠦ ᠨᠣᠴᠢᠲᠠᠢ ᠰᠦᠷᠳᠡᠭᠦᠯᠦᠯ ᠳᠤ ᠲᠤᠯᠭᠠᠷᠠᠬᠤ ᠪᠣᠯᠣᠨ᠎ᠠ᠃ ᠡᠭᠦᠨ ᠤ ᠬᠠᠮᠲᠤ᠂ ᠵᠠᠷᠢᠮ ᠭᠠᠵᠠᠷ ᠣᠷᠣᠨ ᠬᠦᠨᠳᠦ ᠨᠣᠴᠢᠲᠠᠢ ᠭᠠᠩᠳᠠᠵᠤ᠂ ᠣᠶ ᠰᠢᠭᠤᠢ ᠶᠢᠨ ᠭᠠᠯ ᠤᠨ ᠠᠶᠤᠯ ᠤᠨ ᠲᠦᠭᠰᠢᠭᠦᠷᠢ ᠨᠡᠮᠡᠭᠳᠡᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭ ᠤᠨ ᠭᠡᠮ ᠰᠣᠭᠤᠭ ᠢ ᠲᠣᠭᠤᠷᠢᠨ ᠪᠠᠶᠢᠴᠠᠭᠠᠵᠤ ᠠᠶᠤᠯ ᠢ ᠠᠷᠢᠯᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠡᠯ᠎ᠡ ᠵᠦᠢᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠴᠢᠩᠭᠠᠳᠬᠠᠵᠤ᠂ ᠡᠨᠧᠷᠭᠢ ᠪᠠ ᠴᠠᠭᠢᠯᠭᠠᠨ ᠬᠦᠴᠦᠨ ᠤ ᠰᠠᠯᠠᠭ᠎ᠠ ᠮᠥᠴᠢᠷ ᠢᠯᠠᠩᠭᠤᠶ᠎ᠠ ᠲᠥᠪ ᠤᠨ ᠠᠵᠤ ᠠᠬᠤᠶᠢᠯᠠᠯ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠠᠵᠢᠯᠯᠠᠭᠠᠨ ᠶᠡᠭᠡ ᠪᠠᠷ ᠨᠥᠯᠥᠭᠡᠯᠡᠭᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠭᠦᠨᠵᠡᠭᠡᠢ ᠠᠳᠬᠤᠨ ᠪᠣᠳᠠᠲᠠᠢ ᠠᠳᠬᠤᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ︽ᠦᠢᠯᠡᠳᠦᠯᠭᠡ ᠶᠢ ᠴᠢᠬᠤᠯᠠᠴᠢᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠠᠵᠢᠯᠯᠠᠬᠤ ᠤᠳᠤᠷᠢᠳᠤᠮᠵᠢ ᠶᠢ ᠵᠠᠰᠠᠨ ᠵᠠᠯᠠᠷᠠᠭᠤᠯᠵᠤ᠂ ᠠᠵᠢᠯᠯᠠᠬᠤ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠢᠯᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠨᠢᠭᠡ ᠳᠤ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠶᠡᠭᠡ ᠳᠤ ᠳᠤᠷᠠᠯᠠᠵᠤ ᠬᠠᠷᠢ ᠶᠢᠨ ᠬᠢ ᠶᠢ ᠬᠥᠭᠡᠭᠡᠴᠡᠯᠳᠦᠬᠦ ᠦᠭᠡᠢ᠂ ᠰᠣᠬᠤᠷ ᠪᠠᠯᠠᠢ ᠪᠠᠷ ᠪᠠᠯᠠᠮᠠᠳᠯᠠᠬᠤ ᠦᠭᠡᠢ᠂ ᠰᠠᠶᠢᠬᠠᠨ ᠦᠭᠡ ᠬᠡᠯᠡᠵᠦ ᠰᠠᠶᠢᠰᠢᠶᠠᠯ ᠣᠯᠬᠤ ᠦᠭᠡᠢ︔ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠶᠢ ᠪᠠᠷᠢᠮᠲᠠᠯᠠᠵᠤ᠂ ᠥᠩᠭᠡᠨ ᠲᠠᠯ᠎ᠠ ᠶᠢᠨ ᠲᠡᠳᠦᠢ᠂ ᠵᠠᠪᠰᠢᠨ ᠳᠠᠯᠢᠮᠳᠠᠭᠤᠯᠬᠤ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠥᠭᠡᠶ︔ ᠰᠠᠭᠤᠷᠢ ᠲᠠᠯᠪᠢᠵᠤ ᠠᠯᠤᠰ ᠢᠷᠡᠭᠡᠳᠦᠢ ᠳᠤ ᠠᠰᠢᠭᠲᠠᠢ ᠪᠠᠶᠢᠬᠤ ᠶᠢ ᠪᠠᠷᠢᠮᠲᠠᠯᠠᠵᠤ᠂ ᠠᠪᠤᠨ ᠳᠣᠣᠷ᠎ᠠ ᠪᠠᠨ ᠠᠰᠢᠭ ᠣᠯᠬᠤ ᠶᠢ ᠬᠥᠭᠡᠭᠡᠴᠡᠯᠳᠦᠬᠦ᠂ ᠤᠰᠤ ᠶᠢ ᠨᠢ ᠰᠢᠷᠭᠢᠭᠡᠵᠦ ᠵᠢᠭᠠᠰᠤ ᠪᠠᠷᠢᠬᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠶᠠᠪᠤᠳᠠᠯ ᠢ ᠬᠢᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠰᠥᠷᠦᠨ ᠤᠷᠤᠭᠰᠢᠯᠠᠵᠤ᠂ ᠵᠣᠷᠢᠭᠲᠠᠢ ᠲᠡᠮᠡᠴᠡᠵᠦ᠂ ᠬᠥᠩᠭᠡᠨ ᠢ ᠨᠢ ᠡᠷᠢᠵᠦ ᠬᠦᠨᠳᠦ ᠠᠴᠠ ᠨᠢ ᠠᠶᠤᠬᠤ᠂ ᠠᠵᠢᠯ ᠬᠢᠬᠦ ᠦᠭᠡᠢ ᠬᠠᠷᠢᠭᠤᠴᠠᠯᠭ᠎ᠠ ᠪᠠᠨ ᠵᠠᠶᠢᠯᠠᠭᠤᠯᠬᠤ ᠂ ᠠᠯᠪᠠ ᠬᠠᠰᠢᠵᠤ ᠠᠮᠠ ᠪᠥᠭᠯᠡᠬᠦ᠂ ᠠᠯᠪᠠ ᠬᠠᠰᠢᠵᠤ ᠥᠩᠭᠡᠷᠡᠭᠡᠬᠦ ᠵᠡᠷᠭᠡ ᠨᠠᠵᠠᠭᠠᠢ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ ᠪᠠᠶᠢᠳᠠᠯ ᠢ ᠪᠤᠢ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠳᠬᠤᠵᠤ᠂ ᠤᠯᠠᠨ ᠤ ᠬᠦᠴᠦᠨ ᠢ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠪᠣᠳᠠᠲᠤ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠵᠢᠷᠭᠤᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3