ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/7/10
ᠪᠥᠬᠦ ᠰᠢᠶᠠᠨ ᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠳᠤ      2023 ᠣᠨ ᠤ 7 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯᠠᠬᠢ ᠬᠤᠭᠤᠴᠠᠭ᠎ᠠ ᠪᠣᠯ ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠡᠨᠡ ᠵᠢᠯ ᠤᠨ ᠭᠤᠣᠯ ᠰᠡᠳᠦᠪ ᠪᠣᠯ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠴᠢ ᠪᠢᠳᠡ ᠬᠠᠮᠲᠤ ᠪᠠᠷ ᠢᠶᠠᠨ ᠤᠷᠤᠭᠰᠢᠯᠠᠶ᠎ᠠ︾᠂ 7 ᠰᠠᠷ᠎ᠠ ᠶᠢᠨ 12 ᠤᠨ ᠡᠳᠦᠷ ᠪᠣᠯ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠤᠨ᠎ᠠ᠂ ᠭᠤᠣᠯ ᠰᠡᠳᠦᠪ ᠪᠣᠯ ︽ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠶ᠎ᠠ︾ ᠪᠣᠯᠤᠨ᠎ᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠤᠢᠢᠯᠠᠭᠠᠭᠳᠠᠬᠤᠨ ᠢ ᠤᠯᠠᠮᠵᠢᠯᠠᠵᠤ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠥᠷᠭᠡᠨ ᠤᠯᠠᠨ ᠺᠠᠳ᠋ᠷ ᠠᠵᠢᠯᠳᠠᠨ ᠢ ᠬᠦᠳᠦᠯᠦᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ᠃ ᠡᠭᠦᠨ ᠤ ᠲᠤᠯᠠᠳᠠ ᠪᠢᠳᠡ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠶ᠎ᠠ᠄      ᠨᠢᠭᠡ᠂ ᠡᠨᠧᠷᠭᠢ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠨᠧᠷᠭᠢ ᠠᠷᠪᠢᠯᠠᠬᠤ ᠬᠡᠪ ᠰᠤᠷᠲᠠᠯ  ᠢ ᠰᠠᠨᠠᠭᠠᠴᠢᠯᠠᠨ᠎ᠠ      ᠠᠮᠢ ᠠᠬᠤᠶ ᠶᠢᠨ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠤᠨ ᠰᠠᠨᠠᠭᠠᠰᠢᠷᠠᠯ ᠤᠨ ᠣᠶᠢᠯᠠᠭᠠᠭᠳᠠᠬᠤᠨ ᠢ ᠪᠤᠢ ᠪᠣᠯᠭᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠳᠡᠷᠭᠡᠳᠡᠬᠢ ᠬᠥᠮᠦᠨ ᠨᠢᠭᠡᠪᠦᠷᠢ ᠶᠢ ᠲᠠᠶᠢᠴᠢᠯᠠᠨ ᠠᠷᠪᠢᠲᠠᠶ ᠡᠷᠴᠢᠮᠯᠢᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠬᠥᠮᠦᠨ ᠪᠦᠬᠦᠨ ᠰᠡᠳᠬᠢᠯ ᠲᠠᠯᠪᠢᠬᠤ᠂ ᠬᠥᠮᠦᠨ ᠪᠦᠬᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠦᠢᠯᠡᠳᠦᠯᠭᠡᠵᠢᠭᠦᠯᠬᠦ ᠨᠡᠶᠢᠭᠡᠮ ᠤᠨ ᠰᠢᠨ᠎ᠡ ᠬᠡᠪ ᠰᠤᠷᠲᠠᠯ ᠢ ᠬᠠᠮᠲᠤ ᠪᠠᠷ ᠪᠤᠢ ᠪᠣᠯᠭᠠᠨ᠎ᠠ᠃      ᠬᠤᠶᠠᠷ᠂ ᠠᠮᠢᠳᠤᠷᠠᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠡᠨᠧᠷᠭᠢ ᠠᠷᠪᠢᠯᠠᠬᠤ ᠳᠠᠳᠬᠠᠯ ᠢ ᠬᠥᠮᠦᠵᠢᠭᠦᠯᠦᠨ᠎ᠡ      ︵ᠨᠢᠭᠡ︶ ᠪᠣᠬᠢᠷᠲᠤᠯ ᠥᠬᠡᠶ ᠬᠡᠷᠡᠭᠯᠡᠭᠡ ᠶᠢ ᠡᠷᠬᠢᠮᠯᠡᠨ᠎ᠡ᠃ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠬᠡᠷᠡᠭᠯᠡᠭᠡᠨ ᠤ ᠦᠵᠡᠯᠲᠡ ᠶᠢ ᠬᠥᠮᠦᠵᠢᠭᠦᠯᠵᠦ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠬᠠᠷᠢᠭᠤᠴᠠᠯᠭᠠᠲᠤ ᠤᠬᠠᠮᠰᠠᠷ ᠪᠠ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠢ ᠪᠤᠢ ᠪᠣᠯᠭᠠᠨ᠎ᠠ᠃      ︵ᠬᠤᠶᠠᠷ︶ ᠪᠣᠬᠢᠷᠲᠤᠯ ᠥᠬᠡᠶ ᠪᠠᠷ ᠠᠵᠢᠯᠯᠠᠬᠤ ᠶᠢ ᠦᠢᠯᠡᠳᠦᠯᠭᠡᠵᠢᠭᠦᠯᠦᠨ᠎ᠡ᠃ ᠪᠣᠬᠢᠷᠲᠤᠯ ᠥᠬᠡᠶ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ︽ᠡᠳᠦᠷ ᠤᠨ ᠳ᠋ᠧᠩ︾ ᠠᠴᠠ ᠵᠠᠶᠢᠯᠠᠰᠬᠢᠵᠦ᠂ ︽ᠣᠷᠳᠣ ᠭᠡᠷᠡᠯᠲᠦ ᠳ᠋ᠧᠩ︾ ᠢ ᠲᠠᠰᠤ ᠵᠣᠭᠰᠣᠭᠠᠵᠤ᠂ ᠰᠦᠯᠵᠢᠶ᠎ᠡ ᠪᠠᠷ ᠠᠵᠢᠯᠯᠠᠬᠤ ᠳᠤ ᠴᠠᠭᠠᠰᠤ ᠬᠡᠷᠡᠭᠯᠡᠬᠦ ᠥᠬᠡᠶ ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠡᠯᠧᠺᠲᠷᠣᠨ ᠬᠠᠳᠠᠭᠠᠯᠠᠯᠲᠠ ᠶᠢ ᠴᠥᠭᠡᠨ ᠳᠠᠷᠤᠮᠠᠯᠯᠠᠨ ᠲᠠᠷᠬᠠᠭᠠᠵᠤ᠂ ᠳᠠᠷᠤᠮᠠᠯᠯᠠᠵᠤ ᠳᠠᠷᠤᠮᠠᠯᠯᠠᠬᠤ ᠶᠢ ᠬᠤᠶᠠᠷ ᠲᠠᠯ᠎ᠠ ᠪᠠᠷ ᠬᠡᠷᠡᠭᠯᠡᠵᠦ᠂ ᠡᠳ᠋ ᠪᠣᠳᠠᠰ ᠢ ᠳᠤᠲᠠᠭᠤ ᠨᠢᠭᠡ ᠤᠳᠠᠭ᠎ᠠ ᠬᠡᠷᠡᠭᠯᠡᠵᠦ ᠂ ᠴᠠᠬᠢᠯᠭᠠᠨ ᠱᠠᠲᠤᠨ ᠳᠤ ᠳᠤᠲᠠᠭᠤ ᠰᠠᠭᠤᠵᠤ ᠠᠰᠠᠷ ᠤᠨ ᠱᠠᠲᠤ ᠪᠠᠷ ᠶᠠᠪᠤᠵᠤ᠂ ᠠᠵᠢᠯ ᠶᠠᠪᠤᠳᠠᠯ ᠬᠢᠬᠦ ᠳᠡᠭᠡᠨ ᠣᠯᠠᠨ ᠨᠡᠶᠢᠲᠡ ᠶᠢᠨ ᠮᠠᠰᠢᠨ ᠲᠡᠷᠭᠡᠨ ᠳᠤ ᠢᠯᠡᠭᠦᠤ ᠰᠠᠭᠤᠬᠤ ᠬᠡᠷᠡᠭᠲᠡᠶ᠃      ︵ᠭᠤᠷᠪᠠ︶ ᠪᠣᠬᠢᠷᠲᠤᠯ ᠥᠬᠡᠶ ᠪᠠᠷ ᠬᠤᠭᠤᠯᠠ ᠢᠳᠡᠬᠦ ᠶᠢ ᠰᠠᠨᠠᠭᠠᠴᠢᠯᠠᠨ᠎ᠠ᠃ ᠠᠷᠪᠢᠴᠢ ᠭᠠᠮᠲᠠᠶ ᠪᠣᠯᠪᠠᠰᠤᠨ ᠠᠮᠢᠳᠤᠷᠠᠯ ᠤᠨ ᠬᠡᠷᠡᠭᠯᠡᠭᠡᠨ ᠤ ᠣᠶᠢᠯᠠᠭᠠᠭᠳᠠᠬᠤᠨ ᠢ ᠪᠤᠢ ᠪᠣᠯᠭᠠᠵᠤ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ ᠢᠳᠡᠭᠡᠨ ᠤᠮᠳᠠᠭᠠᠨ ᠤ ᠵᠠᠩ ᠳᠠᠳᠬᠠᠯ ᠢ ᠪᠤᠢ ᠪᠣᠯᠭᠠᠵᠤ᠂ ᠵᠣᠬᠢᠰᠲᠠᠶ ᠬᠡᠷᠡᠭᠯᠡᠬᠦ ᠶᠢ ᠰᠠᠨᠠᠭᠠᠴᠢᠯᠠᠨ᠂ ︽ᠬᠤᠭᠤᠰᠣᠨ ᠬᠤᠭᠤᠰᠣᠨ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠮᠥᠬᠦᠯᠢᠭ ᠠᠮᠤ ᠪᠤᠳᠠᠭ᠎ᠠ ᠶᠢ ᠨᠠᠨᠳᠢᠩᠨᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠬᠤ ᠬᠡᠷᠡᠭᠲᠡᠶ᠃      ︵ᠳᠥᠷᠪᠡ︶ ᠪᠣᠬᠢᠷᠲᠤᠯ ᠥᠬᠡᠶ ᠪᠠᠷ ᠭᠠᠳᠠᠭᠰᠢ ᠭᠠᠷᠬᠤ ᠶᠢ ᠰᠠᠨᠠᠭᠠᠴᠢᠯᠠᠨ᠎ᠠ᠃ ︽135︾ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ ᠤᠨ ᠠᠷᠭ᠎ᠠ ᠮᠠᠶ᠋ᠢᠭ ︵1 ᠺᠢᠯᠣᠮᠧᠲᠷ ᠤᠨ ᠳᠣᠲᠣᠷ᠎ᠠ ᠠᠯᠬᠤᠬᠤ᠂ 3 ᠺᠢᠯᠣᠮᠧᠲᠷ ᠤᠨ ᠳᠣᠲᠣᠷ᠎ᠠ ᠳᠤᠭᠤᠶ ᠤᠨᠤᠬᠤ᠂ 5 ᠺᠢᠯᠣᠮᠧᠲᠷ ᠤᠨ ᠳᠣᠲᠣᠷ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ︶ ᠢ ᠦᠢᠯᠡᠳᠦᠯᠭᠡᠵᠢᠭᠦᠯᠦᠨ᠎ᠡ᠃      ︵ᠲᠠᠪᠤ︶ ᠪᠣᠬᠢᠷᠲᠤᠯ ᠥᠬᠡᠶ ᠠᠮᠢᠳᠤᠷᠠᠯ ᠢ ᠡᠬᠢᠯᠡᠭᠦᠯᠦᠨ᠎ᠡ᠃ ᠨᠢᠭᠡ ᠯᠡ ᠤᠳᠠᠭ᠎ᠠ ᠬᠡᠷᠡᠭᠯᠡᠬᠦ ᠰᠦᠯᠢᠶᠣᠣ ᠪᠦᠲᠦᠭᠡᠭᠳᠡᠬᠦᠨ ᠤ ᠬᠡᠷᠡᠭᠯᠡᠯᠲᠡ ᠶᠢ ᠪᠠᠭᠠᠰᠬᠠᠵᠤ᠂ ᠪᠠᠷᠠᠭ᠎ᠠ ᠬᠤᠳᠠᠯᠳᠤᠨ ᠠᠪᠬᠤ ᠳᠠᠭᠠᠨ ᠪᠦᠰ ᠤᠨ ᠤᠭᠤᠲᠠ᠂ ᠨᠣᠭᠤᠭᠠᠨ ᠤ ᠰᠠᠭᠰᠤ ᠪᠠᠷ ᠰᠦᠯᠢᠶᠣᠣ ᠤᠭᠤᠲᠠ ᠶᠢ ᠣᠷᠣᠯᠠᠭᠤᠯᠤᠨ᠎ᠠ︔ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠶ ᠣᠷᠣᠯᠴᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ  ᠰᠢᠢᠳᠪᠦᠷᠢᠯᠡᠬᠦ ᠶᠢ ᠬᠡᠷᠡᠭᠵᠢᠭᠦᠯᠦᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃      ᠭᠤᠷᠪᠠ᠂ ᠡᠨᠧᠷᠭᠢ ᠠᠷᠪᠢᠯᠠᠬᠤ ᠠᠵᠢᠯᠯᠠᠭ᠎ᠠ ᠳᠤ ᠣᠷᠣᠯᠴᠠᠵᠤ᠂ ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ      ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠶ ᠶᠢ ᠬᠠᠮᠠᠭᠠᠯᠠᠬᠤ ᠤᠬᠠᠭᠤᠯᠤᠭᠴᠢ᠂ ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠵᠤ᠂ ᠳᠡᠷᠭᠡᠳᠡᠬᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠵᠠᠯᠠᠷᠠᠭᠤᠯᠤᠨ᠎ᠠ᠃ ᠪᠣᠬᠢᠷᠲᠤᠯ ᠦᠭᠡᠢ ᠤᠢᠢᠯᠠᠭᠠᠭᠳᠠᠬᠤᠨ ᠢ ᠢᠳᠡᠪᠬᠢᠲᠡᠢ ᠤᠯᠠᠮᠵᠢᠯᠠᠵᠤ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠤᠷᠴᠢᠯᠵᠢᠭᠤᠯᠤᠨ ᠠᠰᠢᠭᠯᠠᠬᠤ ᠠᠮᠢᠳᠤᠷᠠᠯ ᠪᠠ ᠬᠡᠷᠡᠭᠯᠡᠭᠡᠨ ᠤ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠰᠣᠶᠣᠯ ᠢ ᠪᠠᠳᠠᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤᠪᠠᠷ ᠡᠳ᠋ᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃      ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠠᠮᠢᠳᠤᠷᠠᠯ ᠳᠤ ᠤᠯᠠᠨ ᠨᠡᠶᠢᠲᠡ ᠶᠢᠨ ᠪᠠᠶᠢᠭᠤᠯᠤᠮᠵᠢ ᠦᠯᠢᠭᠡᠷ ᠳᠠᠭᠤᠷᠢᠶᠠᠯ ᠦᠵᠡᠭᠦᠯᠦᠨ᠎ᠡ᠃ ᠪᠢᠳᠡ ᠦᠳᠲᠡᠷ ᠲᠦᠷᠭᠡᠨ ᠬᠥᠳᠡᠯᠦᠯᠴᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠬᠠᠮᠲᠤᠪᠠᠷ ᠦᠢᠯᠡᠳᠦᠯᠭᠡᠵᠢᠭᠦᠯᠵᠦ᠂ ᠡᠨᠧᠷᠭᠢ ᠡᠬᠢ ᠪᠠᠶᠠᠯᠢᠭ ᠢ ᠠᠷᠪᠢᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ︕                   ᠰᠢᠩ ᠾᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ  ᠦᠢᠯᠡᠴᠢᠯᠡᠭᠡᠨ ᠤ ᠲᠥᠪ                                 2023 ᠤᠨ 7 ᠰᠠᠷ᠎ᠠ ᠶᠢᠨ 10 ᠤ ᠡᠳᠦᠷ                                   ᠢᠷᠡᠯᠲᠡ᠄  ᠰᠢᠩ ᠾᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ  ᠦᠢᠯᠡᠴᠢᠯᠡᠭᠡᠨ ᠤ ᠲᠥᠪ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3