ᠰᠢ ᠶᠢᠨ ᠫᠢᠩ ᠪᠦᠭᠦ ᠪᠥᠮᠪᠥᠷᠴᠡᠭ ᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠠᠵᠢᠯᠯᠠᠭ᠎ᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠳᠡᠭᠡᠳᠦ ᠲᠡᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/7/11
    ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠭᠢᠯᠭᠠᠨ ᠮᠡᠳᠡᠭᠡ 7 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦ ᠪᠥᠮᠪᠥᠷᠴᠡᠭ ᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠠᠵᠢᠯᠯᠠᠭ᠎ᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠳᠡᠭᠡᠳᠦ ᠲᠡᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠠᠬᠢᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠢᠷ ᠪᠡᠷᠬᠡᠰᠢᠶᠡᠯ ᠲᠠᠢ ᠪᠠᠶᠢᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠵᠥᠪᠯᠡᠬᠦ ᠵᠦᠢᠯᠡᠰ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠪᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ ᠡᠯ᠎ᠡ ᠲᠠᠯ᠎ᠠ ᠶᠢᠨ ᠬᠢᠨ ᠤ ᠬᠠᠮᠲᠤ ᠶᠢᠨ ᠣᠷᠤᠯᠴᠠᠯᠭ᠎ᠠ ᠳᠣᠣᠷ᠎ᠠ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠴᠢᠬᠤᠯᠠ ᠠᠩᠬ᠎ᠠ ᠠᠯᠬᠤᠮ ᠤᠨ ᠠᠮᠵᠢᠯᠲᠠ ᠣᠯᠵᠤ᠂ ᠮᠠᠰᠢ ᠤᠯᠠᠨ ᠬᠥᠭᠵᠢᠵᠦ ᠪᠠᠶᠢᠭ᠎ᠠ ᠤᠯᠤᠰ ᠡᠭᠦᠨ ᠤ ᠳᠤᠮᠳᠠ ᠠᠴᠠ ᠠᠰᠢᠭ ᠭᠥᠷᠳᠡᠭᠰᠡᠨ ᠳᠤ ᠪᠢ ᠮᠠᠰᠢ ᠪᠠᠶᠠᠷᠲᠠᠢ ᠪᠠᠶᠢᠨ᠎ᠠ ᠭᠡᠵᠦ ᠵᠢᠭᠠᠵᠤ ᠭᠠᠷᠭᠠᠵᠠᠢ      ᠰᠢ ᠶᠢᠨ ᠫᠢᠩ᠂ ᠬᠥᠭᠵᠢᠯᠲᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠃ ᠬᠠᠮᠲᠤ ᠪᠠᠷ ᠡᠳ᠋ᠯᠡᠬᠦ ᠬᠥᠭᠵᠢᠯᠲᠡ ᠪᠣᠯ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ ᠵᠠᠮ ᠮᠥᠨ᠃ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠳᠤᠮᠳᠠᠳᠤ ᠤᠯᠤᠰ ᠢᠮᠠᠭᠲᠠ ᠲᠤᠰ ᠪᠡᠶ᠎ᠡ ᠶᠢᠨ ᠬᠥᠭᠵᠢᠯᠲᠡ ᠪᠠᠨ ᠬᠥᠮᠥᠨ ᠲᠥᠷᠥᠯᠬᠢᠲᠡᠨ ᠤ ᠬᠥᠭᠵᠢᠯᠲᠡ ᠶᠢᠨ ᠪᠠᠶᠢᠷᠢᠰᠢᠯ ᠤᠨ ᠰᠢᠰᠲ᠋ᠧᠮ ᠳᠤ ᠲᠠᠯᠪᠢᠵᠤ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠢ ᠡᠭᠦᠳᠴᠦ ᠥᠭᠴᠡᠢ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭ᠎ᠠ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠤᠯᠠᠮ ᠴᠢᠨᠠᠭᠰᠢᠳᠠ ᠨᠡᠮᠡᠭᠳᠡᠭᠦᠯᠵᠦ᠂ ᠳᠡᠯᠡᠬᠡᠢ ᠨᠡᠶᠢᠭᠡᠮ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃      ᠪᠦᠭᠦ ᠪᠥᠮᠪᠥᠷᠴᠡᠭ ᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠠᠵᠢᠯᠯᠠᠭ᠎ᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠳᠡᠭᠡᠳᠦ ᠲᠡᠰ ᠤᠨ ᠬᠤᠷᠠᠯ ᠢ ᠤᠯᠤᠰ ᠤᠨ ᠤᠯᠠᠨ ᠤᠯᠤᠰ ᠤᠨ ᠬᠥᠭᠵᠢᠯᠲᠡ ᠶᠢᠨ ᠬᠠᠮᠲᠤᠷᠠᠯᠴᠠᠭᠠᠨ ᠤ ᠵᠠᠬᠢᠷᠭ᠎ᠠ ᠠᠴᠠ ᠭᠤᠣᠯᠯᠠᠨ ᠡᠷᠭᠢᠯᠡᠵᠦ᠂ ︽ᠳᠤᠮᠳᠠᠳᠤ ᠤᠯᠤᠰ ᠤᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠵᠢᠯᠯᠠᠭ᠎ᠠ︾ ᠭᠡᠬᠦ ᠭᠤᠣᠯ ᠰᠡᠳᠦᠪ ᠲᠠᠢ᠂ 10 ᠤ ᠡᠳᠦᠷ ᠪᠡᠭᠡᠵᠢᠩ ᠳᠤ ᠡᠬᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3