ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠯᠢ ᠴᠢᠶᠠᠩ ᠸᠠᠩ ᠬᠤ᠋ ᠨᠢᠩ ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2023/7/14
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 11᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 7 ᠰᠠᠷ᠎ᠠ ᠶᠢᠨ 11᠎ ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠲᠤᠬᠠᠢ ᠰᠠᠨᠠᠯ︾᠂ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠥᠯ︾᠂ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠠᠨᠠᠯ︾᠂ ︽ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠬᠠᠢ ᠰᠠᠨᠠᠯ︾᠂ ︽ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾᠂ ︽ᠴᠠᠭᠢᠯᠭᠠᠨ ᠬᠦᠴᠦᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾᠎ ᠢ ᠬᠢᠨᠠᠨ ᠵᠥᠪᠯᠡᠵᠦ ᠪᠠᠲᠤᠯᠠᠪᠠ᠃      ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠪᠣᠯ ᠪᠢᠳᠡᠨ ᠤ ᠰᠠᠨᠠᠭᠠᠴᠢᠯᠠᠭ᠎ᠠ ᠠᠴᠠ ᠪᠠᠨ ᠠᠪᠤᠭᠰᠠᠨ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠶᠢᠨ ᠲᠣᠭᠤᠷᠢᠨ ᠳᠤ ᠳᠦᠷᠢᠮ ᠤᠨ ᠮᠠᠶ᠋ᠢᠭ ᠤᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠵᠤ᠂ ᠪᠡᠯᠡ ᠣᠷᠣᠭᠤᠯᠤᠯᠲᠠ᠂ ᠠᠷᠠᠯᠵᠢᠶ᠎ᠠ᠂ ᠮᠥᠩᠭᠦᠨ ᠭᠦᠢᠯᠭᠡᠭᠡ᠂ ᠰᠢᠨ᠎ᠡ ᠶᠢ ᠡᠭᠦᠳᠬᠦ ᠵᠡᠷᠭᠡ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠢᠨ᠎ᠡ ᠲᠦᠪᠰᠢᠨ ᠳᠤ ᠬᠦᠷᠭᠡᠬᠦ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠡᠵᠡᠮᠳᠡᠵᠦ᠂ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠪᠠᠷ ᠭᠤᠣᠯ ᠰᠢᠵᠢᠮ ᠪᠤᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢᠭᠡᠨᠲᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ ᠭᠤᠣᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠤᠯᠭᠠᠬᠰᠠᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ ᠪᠠᠶᠢᠳᠠᠯ ᠳᠤ ᠰᠠᠭᠤᠷᠢᠯᠠᠨ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠷᠴᠢᠮ ᠤᠨ ᠲᠣᠬᠢᠷᠠᠭᠤᠯᠤᠯᠲᠠ ᠡᠵᠡᠮᠳᠡᠯ ᠢ ᠲᠡᠭᠦᠯᠳᠡᠷᠵᠢᠭᠦᠯᠵᠦ᠂ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠤᠨ ᠬᠤᠣᠰ ᠡᠵᠡᠮᠳᠡᠯ ᠤᠨ ᠳᠦᠷᠢᠮ ᠪᠣᠯᠭᠠᠨ ᠬᠤᠪᠢᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠶᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ᠂ ᠮᠡᠳᠡᠯᠭᠡ ᠶᠢᠨ ᠦᠷᠳᠡᠭ ᠢᠶᠠᠷ ᠤᠳᠤᠷᠢᠳᠤᠮᠵᠢ ᠪᠤᠯᠭᠠᠬᠤ᠂ ᠬᠠᠮᠢᠶᠠᠷᠤᠯᠲᠠ ᠵᠢᠷᠤᠮᠵᠢᠯ ᠲᠠᠢ ᠪᠦᠲᠦᠮᠵᠢᠲᠡᠢ᠂ ᠪᠠᠲᠤᠯᠠᠭ᠎ᠠ ᠵᠣᠷᠢᠭᠵᠢᠭᠤᠯᠤᠯ ᠢ ᠬᠠᠮᠲᠤ ᠳᠤᠨᠢ ᠬᠠᠷᠠᠭᠠᠯᠵᠠᠬᠤ ᠴᠠᠯᠢᠩ ᠬᠥᠯᠥᠰᠦ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠬᠦ ᠬᠡᠷᠡᠭᠲᠡᠢ᠃ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠠᠷᠠᠯᠲᠠ ᠶᠢᠨ ᠲᠣᠭᠤᠷᠢᠨ ᠳᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠪᠠᠶᠢᠭᠤᠯᠤᠮᠵᠢ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠢᠯ ᠲᠦᠷᠦᠯ ᠤᠨ ᠡᠬᠢᠨ ᠤ᠂ ᠳᠤᠮᠳᠠ᠂ ᠡᠴᠦᠰ ᠤᠨ ᠬᠡᠯᠬᠢᠶ᠎ᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠲᠣᠭᠲᠠᠭᠤᠨ ᠨᠠᠶᠢᠳᠠᠪᠤᠷᠢᠲᠠᠢ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠴᠠᠭᠢᠯᠭᠠᠨ ᠬᠦᠴᠦᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠡᠯᠪᠡᠭ ᠪᠠᠶᠠᠯᠢᠭ᠂ ᠠᠷᠪᠢᠲᠠᠢ ᠥᠨᠳᠥᠷ ᠪᠦᠲᠦᠮᠵᠢᠲᠡᠢ᠂ ᠬᠠᠩᠭᠠᠯᠭ᠎ᠠ ᠬᠡᠷᠡᠭᠴᠡᠭᠡ ᠬᠠᠮᠵᠢᠯᠴᠠᠭᠰᠠᠨ᠂ ᠠᠮᠢᠳᠤᠯᠢᠭ ᠪᠥᠭᠡᠳ ᠣᠶᠤᠨᠴᠢ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ ᠶᠢᠨ ᠬᠤᠪᠢᠰᠬᠠᠯ ᠢ ᠨᠡᠩ ᠰᠠᠶᠢᠲᠤᠷ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠪᠠ᠃      ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠶᠢᠨ ᠪᠠᠶᠢᠳᠠᠯ ᠳᠤ ᠲᠤᠯᠭᠠᠷᠠᠵᠤ ᠪᠠᠶᠢᠨ᠎ᠠ᠃ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢᠨ ᠦᠵᠦ ᠲᠥᠯᠥᠪᠯᠡᠭᠡ ᠶᠢ ᠲᠡᠭᠦᠯᠳᠡᠷᠵᠢᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠥᠷᠭᠡᠨ ᠭᠦᠨᠵᠡᠭᠡᠢ ᠰᠡᠳᠬᠢᠬᠦᠢ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠭᠤᠯᠤᠮᠵᠢ ᠲᠣᠭᠲᠠᠴᠠ ᠶᠢ ᠱᠠᠯᠠᠪᠳᠠᠨ ᠪᠦᠷᠢᠨᠰᠢᠭᠦᠯᠵᠦ᠂ ᠨᠡᠭᠡᠭᠡᠯᠲᠡ ᠬᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠪᠠᠶᠢᠭᠤᠯᠬᠤ ᠶᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠲᠠᠢ ᠨᠢᠭᠲᠠ ᠵᠣᠯᠭᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠥᠷᠭᠡᠨ ᠤᠯᠠᠨ ᠲᠠᠷᠢᠶᠠᠴᠢᠨ ᠢ ᠥᠭᠡᠷᠡᠴᠢᠯᠡᠯᠲᠡ ᠶᠢᠨ ᠳᠤᠮᠳᠠ ᠨᠡᠩ ᠤᠯᠠᠨ ᠬᠦᠷᠲᠡᠮᠵᠢ ᠶᠢᠨ ᠲᠥᠷᠥᠭᠳᠡᠯ ᠲᠠᠢ ᠪᠤᠯᠭᠠᠬᠤ ᠬᠡᠷᠡᠭᠲᠡᠢ᠃ ᠦᠵᠦ ᠲᠥᠯᠥᠪᠯᠡᠭᠡ ᠶᠢ ᠦᠨᠳᠦᠰᠦᠨ ᠱᠠᠲᠤᠨ ᠤ ᠬᠠᠶᠢᠨ ᠰᠦᠪᠡᠭᠴᠢᠯᠡᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠠᠳᠠᠯᠢ ᠪᠤᠰᠤ ᠭᠠᠵᠠᠷ ᠣᠷᠣᠨ ᠤ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠶᠢᠨ ᠰᠦᠪᠡᠭᠴᠢᠯᠡᠬᠦ ᠶᠢ ᠵᠥᠪᠰᠢᠶᠡᠷᠡᠨ ᠵᠣᠷᠢᠭᠵᠢᠭᠤᠯᠵᠤ᠂ ᠦᠨᠳᠦᠰᠦᠨ ᠱᠠᠲᠤᠨ ᠤ ᠦᠢᠯᠡᠳᠦᠯᠭᠡ ᠶᠢᠨ ᠡᠭᠦᠳᠦᠯᠲᠡ ᠶᠢ ᠢᠯᠡᠷᠡᠭᠦᠯᠬᠦ ᠪᠠ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠳᠤᠮᠳᠠ ᠬᠦᠴᠢᠷᠳᠡᠯ ᠳᠤ ᠲᠤᠯᠭᠠᠷᠠᠭᠰᠠᠨ ᠪᠠᠶᠢᠪᠠᠯ ᠴᠠᠭ ᠲᠤᠬᠠᠢ ᠳᠤᠨᠢ ᠳᠡᠮᠵᠢᠯᠭᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠷᠴᠢᠮ ᠤᠨ ᠬᠤᠣᠰ ᠡᠵᠡᠮᠳᠡᠯ ᠤᠨ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠮᠠᠨ ᠤ ᠤᠯᠤᠰ ᠤᠨ ᠡᠨᠧᠷᠭᠢ ᠶᠢᠨ ᠠᠰᠢᠭᠯᠠᠮᠵᠢ ᠶᠢ ᠶᠡᠭᠡ ᠪᠠᠷ ᠳᠡᠭᠡᠭᠰᠢᠯᠡᠭᠦᠯᠭᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠴᠢᠮ ᠢ ᠦᠷᠭᠦᠯᠵᠢᠯᠡᠨ ᠪᠠᠭᠤᠷᠠᠭᠤᠯᠬᠤ ᠶᠢ ᠬᠦᠴᠦᠲᠡᠢ ᠠᠬᠢᠭᠤᠯᠪᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠠᠴᠠ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠳᠤ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠳᠦᠷᠢᠮ ᠢ ᠲᠡᠭᠦᠯᠳᠡᠷᠵᠢᠭᠦᠯᠦᠨ᠂ ᠲᠣᠬᠢᠷᠠᠭᠤᠯᠤᠨ ᠡᠵᠡᠮᠳᠡᠬᠦ ᠠᠷᠭ᠎ᠠ ᠭᠡᠯᠪᠡᠷᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠤᠨ ᠡᠯ᠎ᠡ ᠵᠦᠢᠯ ᠤᠨ ᠢᠵᠢ ᠪᠦᠷᠢᠳᠦᠭᠦᠯᠬᠦ ᠳᠦᠷᠢᠮ ᠢ ᠪᠦᠷᠢᠨᠰᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠤᠨ ᠳᠦᠷᠢᠮ ᠢ ᠪᠠᠶᠢᠭᠤᠯᠤᠨ ᠬᠡᠷᠡᠭᠵᠢᠭᠦᠯᠬᠦ ᠳᠤ ᠢᠳᠡᠪᠬᠢᠲᠡᠢ ᠨᠥᠬᠦᠴᠡᠯ ᠡᠭᠦᠳᠴᠦ ᠥᠭᠬᠦ ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠡᠨᠧᠷᠭᠢ ᠠᠷᠪᠢᠯᠠᠬᠤ ᠠᠵᠢᠯ ᠢ ᠨᠡᠩ ᠥᠨᠳᠥᠷ ᠲᠦᠪᠰᠢᠨ᠂ ᠨᠡᠩ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠬᠠᠮᠤᠭ ᠤᠨ ᠪᠠᠭ᠎ᠠ ᠥᠪᠡᠷ ᠤᠨ ᠦᠷᠳᠡᠭ ᠢᠶᠠᠷ ᠬᠠᠮᠤᠭ ᠤᠨ ᠶᠡᠭᠡ ᠠᠰᠢᠭ ᠣᠯᠵᠠᠪᠤᠷᠢ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠠᠶᠢᠵᠠᠮ ᠢ ᠲᠣᠭᠲᠠᠪᠤᠷᠢᠵᠢᠭᠤᠯᠵᠤ᠂ ᠬᠥᠭᠵᠢᠯᠲᠡ ᠪᠣᠯᠣᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠦᠨᠡᠨ ᠠᠴᠠ ᠵᠥᠪ ᠢ ᠡᠷᠢᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠳᠤ ᠴᠠᠯᠢᠩ ᠬᠥᠯᠥᠰᠦ ᠶᠢᠨ ᠬᠠᠮᠢᠶᠠᠷᠤᠯᠲᠠ ᠶᠢᠨ ᠬᠡᠷᠡᠭᠴᠡᠭᠡ ᠪᠣᠯᠣᠨ ᠪᠣᠳᠠᠲᠠᠢ ᠶᠢ ᠦᠨᠳᠦᠰᠦᠯᠡᠨ᠂ ᠬᠤᠪᠢᠶᠠᠷᠢᠯᠠᠯᠲᠠ ᠶᠢᠨ ᠳᠦᠷᠢᠮ ᠢ ᠰᠢᠯᠢᠳᠡᠭᠵᠢᠭᠦᠯᠦᠨ ᠵᠢᠷᠤᠮᠵᠢᠭᠤᠯᠵᠤ᠂ ᠬᠤᠪᠢᠶᠠᠷᠢᠯᠠᠯᠲᠠ ᠶᠢᠨ ᠵᠥᠪ ᠤᠳᠤᠷᠢᠳᠤᠮᠵᠢ ᠶᠢ ᠪᠤᠶ ᠪᠤᠯᠭᠠᠵᠤ᠂ ᠴᠢᠳᠠᠪᠤᠷᠢᠲᠠᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ ᠶᠢ ᠤᠷᠢᠳ ᠢᠶᠠᠷ ᠪᠣᠳᠣᠯᠬᠢᠯᠠᠬᠤ ᠶᠢ ᠳᠣᠪᠤᠶᠢᠯᠭᠠᠵᠤ᠂ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢ ᠠᠵᠢᠯ ᠤᠨ ᠠᠮᠵᠢᠯᠲᠠ ᠪᠦᠲᠦᠮᠵᠢ ᠲᠠᠢ ᠨᠢᠭᠲᠠ ᠬᠤᠯᠪᠣᠭᠳᠠᠭᠤᠯᠬᠤ ᠶᠢ ᠪᠠᠷᠢᠮᠲᠠᠯᠠᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠡᠮᠦᠨ᠎ᠡ ᠹᠷᠣᠨᠲ ᠲᠤ ᠦᠨᠳᠦᠰᠦᠯᠡᠵᠦ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠡᠭᠦᠷᠭᠡᠯᠡᠨ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠥᠰ ᠲᠡᠶᠢᠰᠢ ᠬᠡᠯᠪᠠᠶᠢᠯᠭᠡᠵᠦ᠂ ᠰᠠᠭᠤᠷᠢ ᠰᠢᠨᠵᠢᠯᠡᠭᠡᠨ ᠤ ᠵᠢᠭᠠᠨ ᠰᠤᠷᠭᠠᠯᠲᠠ ᠪᠠ ᠰᠠᠭᠤᠷᠢ ᠬᠤᠰᠢᠭᠤᠷᠠᠯ ᠰᠤᠳᠤᠯᠭᠠᠨ᠂ ᠤᠯᠤᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠰᠡᠨ᠂ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠣᠯᠣᠭᠰᠠᠨ ᠬᠥᠮᠥᠰ ᠲᠡᠶᠢᠰᠢ ᠬᠡᠯᠪᠠᠶᠢᠯᠭᠡᠬᠦ ᠬᠡᠷᠡᠭᠲᠡᠢ᠃ ᠴᠠᠯᠢᠩ ᠬᠥᠯᠥᠰᠦ ᠶᠢᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠤᠯᠤᠰ ᠤᠨ ᠵᠣᠭᠤᠰ ᠢ ᠴᠢᠳᠠᠪᠤᠷᠢᠲᠠᠨ ᠢ ᠤᠷᠮᠠᠰᠢᠭᠤᠯᠬᠤ ᠪᠠ ᠠᠵᠢᠯ ᠦᠢᠯᠡᠰ ᠤᠨ ᠬᠥᠭᠵᠢᠯᠲᠡ ᠳᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠯᠲᠡ ᠪᠣᠷᠤᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠷᠢᠶ᠎ᠡ ᠬᠤᠪᠢᠶᠠᠨ ᠬᠢᠨᠠᠨ ᠬᠠᠮᠢᠶᠠᠷᠬᠤ ᠪᠠ ᠬᠦᠷᠢᠶ᠎ᠡ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠣᠰᠣ ᠬᠡᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠬᠤ ᠬᠡᠷᠡᠭᠲᠡᠢ᠃ ᠲᠣᠰᠣ ᠬᠡᠢ ᠨᠥᠭᠡᠴᠡᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠥᠭᠡᠴᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠ ᠲᠣᠬᠢᠷᠠᠭᠤᠯᠬᠤ ᠴᠢᠳᠠᠪᠤᠷᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠠᠷᠭ᠎ᠠ ᠵᠠᠮ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠵᠢᠷᠤᠵᠤ ᠲᠥᠯᠥᠪᠯᠡᠨ᠂ ᠰᠢᠨ᠎ᠡ ᠡᠨᠧᠷᠭᠢ ᠶᠢᠨ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠪᠠᠷ ᠣᠷᠣᠯᠠᠬᠤ ᠰᠠᠭᠤᠷᠢᠨ ᠳᠡᠭᠡᠷ᠎ᠡ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠤᠯᠠᠮᠵᠢᠯᠠᠯᠲᠤ ᠡᠨᠧᠷᠭᠢ ᠶᠢᠨ ᠬᠤᠪᠢ ᠶᠢᠨ ᠵᠢᠩ ᠢ ᠠᠯᠬᠤᠮ ᠠᠯᠬᠤᠮ ᠢᠶᠠᠷ ᠪᠠᠭᠤᠷᠠᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠳᠤ ᠵᠣᠬᠢᠴᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠴᠠᠭᠢᠯᠭᠠᠨ ᠬᠦᠴᠦᠨ ᠤ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ ᠪᠦᠲᠦᠮᠵᠢᠲᠡᠶ ᠵᠠᠬ᠎ᠠ ᠳᠡᠯᠭᠡᠭᠦᠷ ᠢ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠲᠠᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠠᠭᠢᠯᠭᠠᠨ ᠬᠦᠴᠦᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠠᠩᠭᠠᠯᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠡᠷ ᠮᠤᠩᠭᠤᠯ  ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3