ᠳ᠋ᠠᠲ᠋ᠦ᠋ᠩ ᠬᠤᠲᠠ ᠶᠢᠨ ᠶᠦᠨ ᠵᠧᠦ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠨᠢᠩ ᠸᠧᠨ ᠰᠢᠨ ᠨᠡᠷ ᠮᠠᠨ ᠤ ᠰᠢᠶᠠᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/7/17
      7 ᠰᠠᠷ᠎ᠠ ᠶᠢᠨ 15᠎ ᠤ ᠡᠳᠦᠷ᠂ ᠳ᠋ᠠᠲ᠋ᠦ᠋ᠩ ᠬᠤᠲᠠ ᠶᠢᠨ ᠶᠦᠨ ᠵᠧᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠨᠢᠩ ᠸᠧᠨ ᠰᠢᠨ ᠨᠡᠷ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠴᠤᠸᠠᠨ ᠱᠦᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠰᠢᠩ ᠡᡁᠧ ᠵᠢᠶᠠ ᠲᠠᠢ ᠨᠡᠭᠦᠳᠡᠯ ᠳᠤᠯᠠᠭᠠᠨ ᠢ ᠬᠠᠮᠠᠭᠠᠯᠠᠬᠤ ᠪᠦᠷᠬᠦᠪᠴᠢ ᠶᠢᠨ ᠪᠦᠲᠦᠴᠡ ᠶᠢᠨ ᠨᠡᠷᠡᠨ ᠭᠡᠷᠡᠯ ᠤᠨ ᠬᠦᠯᠡᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ  ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ ᠯᠦᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠡᠢ᠃ ᠲᠠᠷᠢᠶᠠᠯᠠᠩ ᠤᠨ ᠲᠥᠬᠦᠭᠡᠷᠦᠮᠵᠢ ᠲᠥᠬᠦᠭᠡᠷᠦᠮᠵᠢ᠂ ᠦᠢᠯᠡᠳᠬᠦᠨ᠂ ᠡᠵᠡᠩᠨᠡᠯᠲᠡ ᠶᠢᠨ ᠵᠠᠭᠪᠤᠷ᠂ ᠲᠠᠷᠢᠮᠠᠯ ᠤᠨ ᠲᠦᠷᠦᠯ ᠵᠦᠢᠯ᠂ ᠬᠡᠪᠴᠢᠶ᠎ᠡ᠂ ᠭᠠᠷᠤᠯᠲᠠ ᠶᠢᠨ ᠬᠡᠮᠵᠢᠶ᠎ᠡ ᠵᠢᠴᠢ ᠮᠡᠷᠭᠡᠵᠢᠯ ᠵᠡᠷᠭᠡ ᠲᠠᠯ᠎ᠠ ᠪᠠᠷ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠵᠢᠴᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠠᠯ᠎ᠠ ᠳᠤ ᠳᠡᠭᠡᠳᠦ ᠬᠡᠮᠵᠢᠶᠡᠨ ᠤ ᠦᠨᠡᠯᠡᠯᠲᠡ ᠥᠭᠪᠡ᠃ ᠨᠢᠩ ᠸᠧᠨ ᠰᠢᠨ᠂ ᠰᠢᠩ ᠡᡁᠧ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ᠂ ᠬᠥᠭᠵᠢᠯᠲᠡ ᠶᠢᠨ ᠨᠥᠭᠡᠴᠡ ᠬᠦᠴᠦᠨ ᠥᠷᠭᠡᠨ ᠠᠭᠤᠳᠠᠮ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠰᠢᠯᠢᠳᠡᠭ ᠰᠠᠶᠢᠨ ᠪᠠᠶᠢᠨ᠎ᠠ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠢᠩ ᠡᡁᠧ ᠯᠤᠭ᠎ᠠ ᠶᠢᠨ ᠬᠥᠳᠡᠭᠡ ᠠᠵᠤ ᠠᠬᠤᠢ᠂ ᠠᠵᠤ ᠦᠢᠯᠡᠰ ᠵᠡᠷᠭᠡ ᠲᠠᠯ᠎ᠠ ᠶᠢᠨ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃      ᠸᠠᠩ ᠬᠤᠢ ᠢᠦᠢ ᠳ᠋ᠠᠲ᠋ᠦ᠋ᠩ ᠬᠤᠳᠠ ᠶᠢᠨ ᠶᠦᠨᠵᠸᠤ ᠲᠣᠭᠤᠷᠢᠭ ᠤᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠮᠲᠤᠷᠠᠯᠴᠠᠭ᠎ᠠ ᠰᠣᠯᠢᠯᠴᠠᠭ᠎ᠠ ᠪᠣᠯᠤᠨ ᠲᠤᠷᠰᠢᠯᠭ᠎ᠠ ᠪᠠᠨ ᠬᠤᠪᠢᠶᠠᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠪᠠᠶᠢᠩᠭᠤ ᠶᠠᠪᠤᠯᠴᠠᠬᠤ ᠶᠢᠨ ᠳᠤᠮᠳᠠ ᠬᠠᠮᠲᠤᠪᠠᠷ ᠰᠤᠷᠤᠯᠴᠠᠨ ᠳᠡᠭᠡᠭᠰᠢᠯᠡᠭᠦᠯᠵᠦ᠂ ᠬᠠᠮᠲᠤᠪᠠᠷ ᠬᠥᠭᠵᠢᠨ ᠲᠠᠪᠰᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠸᠠᠩ ᠬᠤᠢ ᠢᠦᠢ᠂ ᠰᠢᠩ ᠡᡁᠧ ᠰᠢᠶᠠᠨ ᠤ ᠬᠢᠨ ᠦᠷᠭᠦᠯᠵᠢᠯᠡᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠠᠵᠤ ᠠᠬᠤᠶᠢᠯᠠᠯ ᠤᠨ ᠪᠠᠷᠢᠮᠵᠢᠶᠠᠵᠢᠭᠰᠠᠨ᠂ ᠲᠤᠰᠬᠠᠶᠢᠵᠢᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠡᠵᠡᠩᠨᠡᠯᠲᠡ ᠲᠡᠰᠢ ᠬᠤᠪᠢᠷᠠᠬᠤ ᠶᠢ ᠬᠦᠳᠦᠯᠦᠨ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠬᠡᠯᠡᠪᠡ᠃      ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3