ᠳ᠋ᠢᠶᠠᠨ ᠽᠢ ᠪᠠᠯᠭᠠᠰᠤᠨ ᠤ ᠬᠢᠨ ᠵᠠᠩ ᠳᠠᠳᠬᠠᠯ ᠢ ᠥᠭᠡᠷᠡᠴᠢᠯᠡᠵᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶ ᠪᠣᠯᠭᠠᠬᠤ ᠠᠵᠢᠯ ᠢ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/7/17
    ᠡᠨᠡ ᠵᠢᠯ ᠠᠴᠠ ᠨᠠᠰᠢ᠂ ᠳ᠋ᠢᠶᠠᠨ ᠽᠢ ᠪᠠᠯᠭᠠᠰᠤ ︽ᠰᠣᠶᠣᠯ +︾ ︽ᠦᠨᠡᠯᠡᠯᠲᠡ +︾ ︽ᠬᠤᠪᠢ ᠬᠤᠷᠠᠮᠳᠤᠭᠤᠯᠬᠤ +︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠠᠩ ᠳᠠᠳᠬᠠᠯ ᠢ ᠥᠭᠡᠷᠡᠴᠢᠯᠡᠬᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠮᠠᠭᠤ ᠳᠠᠳᠬᠠᠯ ᠢ ᠨᠢ ᠠᠷᠢᠯᠭᠠᠵᠤ᠂ ᠦᠵᠡᠯᠲᠡ ᠶᠢ ᠨᠢ ᠬᠤᠪᠢᠷᠠᠭᠤᠯᠵᠤ᠂ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠪᠠ᠃      ︽ᠰᠣᠶᠣᠯ +︾ ᠠᠵᠢᠯᠯᠠᠭ᠎ᠠ ᠶᠢ ᠬᠡᠷᠡᠭᠵᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠤᠨ᠎ᠠ᠃ ᠳ᠋ᠢᠶᠠᠨ ᠽᠢ ᠲᠣᠰᠬᠤᠨ ᠤ ᠬᠢᠨ ᠰᠣᠶᠣᠯ ᠢᠶᠠᠷ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠦᠷᠢᠯᠳᠦᠯ ᠢ ᠬᠦᠳᠦᠯᠦᠨ ᠳᠠᠭᠠᠭᠤᠯᠵᠤ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠬᠡᠷᠡᠮ ᠪᠤᠰᠬᠠᠬᠤ ᠪᠠ ᠠᠷᠠᠳ ᠲᠤ ᠠᠰᠢᠭ ᠬᠦᠷᠲᠡᠭᠡᠬᠦ ᠰᠣᠶᠣᠯ ᠤᠨ ᠲᠣᠭᠯᠠᠯᠲᠠ ᠭᠠᠷᠭᠠᠬᠤ ᠵᠡᠷᠭᠡ ᠬᠡᠯᠪᠡᠷᠢ ᠪᠠᠷ ᠲᠣᠰᠬᠤᠨ ᠤ ᠠᠷᠠᠳ ᠲᠤ ᠪᠠᠶᠠᠷ ᠤᠨ ᠶᠠᠪᠤᠳᠠᠯ ᠢ ᠰᠢᠨ᠎ᠡ ᠪᠠᠷ ᠡᠷᠬᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠵᠤᠵᠠᠭᠠᠨ ᠰᠤᠪᠢᠯᠠᠵᠤ ᠪᠠᠭ᠎ᠠ ᠣᠷᠣᠰᠢᠭᠤᠯᠬᠤ ᠵᠡᠷᠭᠡ ᠪᠣᠯᠪᠠᠰᠤᠨ ᠬᠡᠪ ᠰᠤᠷᠲᠠᠯ ᠢ ᠲᠦᠭᠡᠮᠡᠯᠵᠢᠭᠦᠯᠵᠦ᠂ ᠥᠷᠭᠡᠨ ᠤᠯᠠᠨ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢᠨ ᠰᠠᠨᠠᠭᠠᠴᠢᠯᠠᠭᠴᠢ᠂ ᠨᠡᠶᠢᠭᠡᠮ ᠤᠨ ᠰᠢᠨ᠎ᠡ ᠰᠤᠷᠲᠠᠯ ᠤᠨ ᠪᠦᠳᠦᠭᠡᠨ ᠪᠠᠶᠢᠭᠤᠯᠤᠭᠴᠢ᠂ ᠵᠠᠩ ᠳᠠᠳᠬᠠᠯ ᠢ ᠴᠡᠪᠡᠷᠰᠢᠭᠦᠯᠬᠦ ᠶᠢᠨ ᠠᠬᠢᠭᠤᠯᠤᠭᠴᠢ ᠪᠣᠯᠭᠠᠨ᠎ᠠ᠃     ︽ᠦᠨᠡᠯᠡᠨ ᠶᠠᠷᠢᠯᠴᠠᠬᠤ +︾ ᠠᠵᠢᠯᠯᠠᠭ᠎ᠠ ᠶᠢ ᠬᠡᠷᠡᠭᠵᠢᠭᠦᠯᠵᠦ᠂ ᠪᠣᠯᠪᠠᠰᠤᠨ ᠤ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠲᠦᠯᠬᠢᠨ ᠠᠬᠢᠭᠤᠯᠤᠨ᠎ᠠ᠃ ︽ᠡᠷᠡᠭᠦᠯ ᠬᠠᠮᠠᠭᠠᠯᠠᠯ ᠤᠨ ᠬᠦᠷᠢᠶ᠎ᠡ︾᠂ ︽ᠬᠠᠮᠤᠭ ᠤᠨ ᠭᠤᠶᠣ ᠭᠡᠷ ᠪᠦᠯᠢ︾᠂ ︽ᠬᠠᠮᠤᠭ ᠤᠨ ᠭᠤᠶᠣ ᠬᠠᠳᠠᠮ ᠡᠵᠢ ᠪᠡᠷᠢ︾ ᠵᠡᠷᠭᠡ ᠶᠣᠰᠣ ᠮᠣᠷᠠᠯ ᠤᠨ ᠦᠨᠡᠯᠡᠯᠲᠡ ᠬᠢᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠲᠣᠰᠬᠤᠨ ᠤ ᠠᠷᠠᠳ ᠢ ᠨᠢᠭᠡ ᠲᠠᠩᠬᠢᠮ ᠳᠤ ᠴᠤᠭᠯᠠᠷᠠᠭᠤᠯᠵᠤ᠂ ᠳᠡᠷᠭᠡᠳᠡᠬᠢ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠣᠷᠴᠢᠨ ᠲᠣᠭᠤᠷᠢᠨ ᠢ ᠬᠠᠮᠠᠭᠠᠯᠠᠬᠤ ᠡᠷᠡᠭᠦᠯ ᠬᠠᠮᠠᠭᠠᠯᠠᠯ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠰᠠᠶᠢᠨ ᠬᠥᠮᠦᠨ ᠰᠠᠶᠢᠨ ᠶᠠᠪᠤᠳᠠᠯ ᠪᠠ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠪᠤᠰᠤ ᠵᠡᠷᠭᠡ ᠨᠠᠵᠠᠭᠠᠢ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠦᠨᠡᠯᠡᠨ ᠶᠠᠷᠢᠵᠤ᠂ ᠬᠠᠯᠠᠭᠤᠨ ᠢᠶᠠᠷ ᠵᠥᠪᠳᠡᠯᠴᠡᠵᠦ᠂ ᠨᠢᠭᠡ ᠪᠦᠯᠦᠭ ᠬᠥᠳᠡᠭᠡ ᠶᠢᠨ ᠰᠤᠷᠲᠠᠯ ᠪᠣᠯᠪᠠᠰᠤᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠶᠢᠨ ᠬᠠᠮᠲᠤ ︽ᠤᠯᠠᠭᠠᠨ ᠬᠠᠷ᠎ᠠ ᠰᠠᠮᠪᠠᠷ᠎ᠠ︾ ᠪᠠᠷ ᠳᠠᠮᠵᠢᠭᠤᠯᠤᠨ ᠵᠠᠷᠯᠠᠨ ᠨᠡᠶᠢᠲᠡᠯᠡᠵᠦ᠂ ᠲᠣᠰᠬᠤᠨ ᠤ ᠠᠷᠠᠳ ᠲᠤ ᠳᠡᠷᠭᠡᠳᠡᠬᠢ ᠰᠠᠶᠢᠨ ᠬᠥᠮᠦᠨ ᠰᠠᠶᠢᠨ ᠶᠠᠪᠤᠳᠠᠯ ᠤᠨ ᠶᠣᠰᠣ ᠰᠤᠷᠲᠠᠬᠤᠨ ᠤ ᠳᠠᠪᠲᠠᠯᠲᠠ ᠶᠢ ᠥᠷᠭᠡᠨ ᠢᠶᠠᠷ ᠬᠦᠷᠲᠡᠭᠡᠬᠦ ᠶᠢᠨ ᠬᠠᠮᠲᠤ ᠬᠥᠮᠦᠵᠢᠯ ᠬᠦᠷᠲᠡᠭᠡᠵᠦ ᠰᠡᠷᠡᠮᠵᠢ ᠥᠭᠬᠦ ᠬᠡᠷᠡᠭᠲᠡᠢ᠃      ︽ᠬᠤᠪᠢ ᠬᠤᠷᠠᠮᠳᠤᠭᠤᠯᠬᠤ +︾ ᠠᠵᠢᠯᠯᠠᠭ᠎ᠠ ᠶᠢ ᠬᠡᠷᠡᠭᠵᠢᠭᠦᠯᠵᠦ᠂ ᠪᠣᠯᠪᠠᠰᠤᠨ ᠦᠢᠯᠡ ᠠᠵᠢᠯᠯᠠᠭ᠎ᠠ ᠶᠢᠨ ᠬᠡᠪ ᠵᠠᠩᠰᠢᠯ ᠪᠣᠯᠬᠤ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠪᠣᠯᠤᠨ ︽ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ︾ ᠲᠠᠢ ᠤᠶᠠᠯᠳᠤᠭᠤᠯᠵᠤ᠂ ︽ᠪᠣᠯᠪᠠᠰᠤᠨ ᠢᠶᠠᠷ ᠬᠤᠪᠢ ᠬᠤᠷᠠᠮᠳᠤᠭᠤᠯᠬᠤ ᠬᠡᠳᠦ ᠳᠡᠯᠭᠡᠭᠦᠷ︾ ᠪᠠᠶᠢᠭᠤᠯᠵᠤ᠂ ᠬᠤᠪᠢ ᠬᠤᠷᠠᠮᠳᠤᠭᠤᠯᠵᠤ ᠱᠠᠩᠨᠠᠬᠤ ᠲᠣᠭᠲᠠᠴᠠ ᠶᠢ ᠪᠠᠶᠢᠭᠤᠯᠵᠤ᠂ ᠵᠢᠯ ᠤᠨ ᠡᠴᠦᠰ ᠲᠤ ᠬᠤᠪᠢ ᠬᠤᠷᠠᠮᠳᠤᠭᠤᠯᠬᠤ ᠪᠠᠶᠢᠳᠠᠯ ᠢ ᠦᠨᠳᠦᠰᠦᠯᠡᠨ᠂ ᠲᠣᠰᠬᠤᠨ ᠤ ᠠᠷᠠᠳ ᠲᠤ ᠵᠣᠬᠢᠰᠲᠠᠢ ᠪᠣᠳᠠᠰ ᠤᠨ ᠱᠠᠩᠨᠠᠯ ᠣᠯᠭᠤᠵᠤ ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3