ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 17 ᠤ ᠴᠠᠬᠢᠯᠭᠠᠨ ᠮᠡᠳᠡᠭᠡ 7 ᠰᠠᠷ᠎ᠠ ᠶᠢᠨ 17 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠤ ᠢᠤᠢ ᠲᠠᠢ ᠲᠥᠷᠥ ᠶᠢ | ᠵᠣᠴᠢᠳ ᠤᠨ ᠪᠠᠭᠤᠳᠠᠯ ᠳᠤ ᠹᠢᠯᠢᠫᠢᠨ ᠤ ᠤᠤᠯ ᠤᠨ ᠶᠡᠷᠦᠩᠬᠡᠶᠢᠯᠡᠭᠴᠢ ᠳ᠋ᠦᠲ᠋ᠧᠷᠲ᠋ᠧ ᠲᠠᠢ ᠠᠭᠤᠯᠵᠠᠪᠠ᠃ | | 7 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ | ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠹᠢᠯᠢᠫᠢᠨ ᠤ ᠤᠤᠯ ᠤᠨ ᠶᠡᠷᠦᠩᠬᠡᠶᠢᠯᠡᠭᠴᠢ ᠳ᠋ᠦᠲ᠋ᠧᠷᠲ᠋ᠧ ᠲᠠᠢ | ᠠᠭᠤᠯᠵᠠᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ᠂ ᠲᠠ ᠹᠢᠯᠢᠫᠢᠨ ᠤ ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ | ᠬᠤᠭᠤᠴᠠᠭᠠᠨ ᠳᠠᠭᠠᠨ᠂ ᠠᠷᠠᠳ ᠲᠦᠮᠡᠨ ᠳᠤ ᠬᠠᠷᠢᠭᠤᠴᠠᠬᠤ᠂ ᠲᠡᠦᠬᠡᠨ ᠳᠤ ᠬᠠᠷᠢᠭᠤᠴᠠᠬᠤ ᠣᠪᠣᠷ ᠢᠶᠠᠷ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠪᠠᠨ ᠰᠠᠶᠢᠵᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ᠂ ᠳᠤᠮᠳᠠᠳᠤ | ᠹᠢᠯᠢᠫᠢᠨ ᠤ ᠬᠠᠷᠢᠯᠴᠠᠭ᠎ᠠ ᠲᠠᠭᠢᠨ ᠬᠡᠪ ᠤᠨ ᠵᠠᠮ ᠳᠠᠭᠠᠨ ᠣᠷᠣᠬᠤ ᠶᠢᠨ ᠬᠠᠮᠲᠤ ᠥᠷᠨᠢᠭᠦᠨ ᠬᠥᠭᠵᠢᠵᠦ᠂ ᠬᠤᠶᠠᠷ | ᠤᠯᠤᠰ ᠤᠨ ᠨᠥᠭᠦᠷᠰᠡᠭ ᠶᠠᠪᠤᠯᠴᠠᠭ᠎ᠠ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ ᠹᠢᠯᠢᠫᠢᠨ ᠪᠣᠯ ᠴᠥᠮ | ᠠᠽᠢᠶ᠎ᠠ ᠲᠢᠪ ᠤᠨ ᠬᠥᠭᠵᠢᠵᠦ ᠪᠠᠶᠢᠭ᠎ᠠ ᠤᠯᠤᠰ ᠮᠥᠨ᠂ ᠬᠤᠶᠠᠷ ᠤᠯᠤᠰ ᠤᠨ ᠬᠥᠭᠵᠢᠯᠲᠡ ᠨᠢ ᠡᠶᠡᠯᠳᠡᠭ ᠬᠥᠷᠰᠢ ᠶᠢᠨ | ᠨᠥᠭᠦᠷᠰᠡᠭ ᠶᠠᠪᠤᠯᠴᠠᠭ᠎ᠠ ᠪᠦᠬᠦᠢ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠦᠨᠳᠦᠰᠦᠯᠡᠵᠦ᠂ ᠬᠠᠮᠲᠤᠷᠠᠯᠴᠠᠭ᠎ᠠ ᠬᠢᠵᠦ | ᠬᠠᠮᠲᠤ ᠪᠠᠷ ᠠᠰᠢᠭ ᠭᠦᠷᠳᠡᠭᠦ ᠠᠽᠢᠶ᠎ᠠ ᠲᠢᠪ ᠤᠨ ᠶᠡᠭᠡ ᠭᠡᠷ ᠪᠦᠯᠢ ᠳᠤ ᠦᠨᠳᠦᠰᠦᠯᠡᠭᠰᠡᠨ ᠶᠤᠮ᠃ ᠳᠤᠮᠳᠠᠳᠤ | ᠤᠯᠤᠰ ᠤᠨ ᠬᠢᠨ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭ᠎ᠠ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠬᠠᠨᠢᠲᠠᠨ ᠪᠤᠯᠬᠤ ᠶᠢ ᠪᠠᠷᠢᠮᠲᠠᠯᠠᠭᠰᠠᠭᠠᠷ ᠢᠷᠡᠪᠡ᠃ ᠳᠤᠮᠳᠠᠳᠤ ᠤᠯᠤᠰ ᠤᠨ ᠬᠢᠨ ᠳᠤᠮᠳᠠᠳᠤ | ᠹᠢᠯᠢᠫᠢᠨ ᠤ ᠬᠠᠷᠢᠯᠴᠠᠭ᠎ᠠ ᠶᠢ ᠢᠮᠠᠭᠲᠠ ᠴᠢᠬᠤᠯᠠᠴᠢᠯᠠᠵᠤ᠂ ᠳᠤᠷᠠᠲᠠᠶ᠎ᠠ ᠹᠢᠯᠢᠫᠢᠨ ᠤ ᠬᠢᠨ ᠲᠠᠢ ᠬᠠᠮᠲᠤ ᠪᠠᠷ ᠳᠤᠮᠳᠠᠳᠤ | ᠹᠢᠯᠢᠫᠢᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠤᠯᠤᠰ ᠤᠨ ᠨᠥᠭᠦᠷᠰᠡᠭ | ᠬᠠᠮᠵᠢᠯᠴᠠᠭ᠎ᠠ ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠳ᠋ᠦᠲ᠋ᠧᠷᠲ᠋ᠧ᠂ ᠳᠤᠮᠳᠠᠳᠤ ᠤᠯᠤᠰ ᠤᠨ ᠬᠢᠨ ᠹᠢᠯᠢᠫᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ | ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠢᠯᠠᠩᠭᠤᠶ᠎ᠠ ᠹᠢᠯᠢᠫᠢᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ | ᠹᠢᠯᠢᠫᠢᠨ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ | ᠲᠤᠰᠠ ᠳᠤ ᠨᠡᠶᠢᠴᠡᠬᠦ ᠪᠥᠭᠡᠳ ᠹᠢᠯᠢᠫᠢᠨ ᠤ ᠣᠯᠠᠩᠬᠢ ᠠᠷᠠᠳ ᠲᠦᠮᠡᠨ ᠤ ᠬᠦᠰᠡᠯ ᠡᠷᠡᠮᠡᠯᠵᠡᠯ ᠪᠣᠯᠣᠨ᠎ᠠ᠃ ᠪᠢ ᠳᠤᠷᠠᠲᠠᠶ᠎ᠠ | ᠹᠢᠯᠢᠫᠢᠨ ᠳᠤᠮᠳᠠᠳᠤ ᠶᠢᠨ ᠨᠥᠬᠦᠷᠯᠡᠯ ᠢ ᠠᠬᠢᠭᠤᠯᠬᠤ ᠳᠤ ᠦᠷᠭᠦᠯᠵᠢᠯᠡᠨ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |