ᠰᠢ ᠶᠢᠨ ᠫᠢᠩ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/7/19
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 18 ᠤ ᠴᠠᠭᠢᠯᠭᠠᠨ ᠮᠡᠳᠡᠭᠡ 7 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠲᠠᠢ ᠬᠡᠯᠡᠯᠴᠡᠭᠡ ᠬᠢᠪᠡ᠃
    7 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠧᠪᠧᠨ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠣᠯᠣᠨ᠎ᠠ᠃ 65 ᠵᠢᠯ ᠤᠨ ᠡᠮᠦᠨ᠎ᠡ᠂ ᠡᠵᠡᠷᠬᠡᠭ ᠲᠦᠷᠢᠮᠡᠬᠡᠢ ᠶᠣᠰᠣ ᠪᠣᠯᠣᠨ ᠺᠣᠯᠣᠨᠢᠴᠢᠯᠠᠬᠤ ᠦᠵᠡᠯ ᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠪᠠᠨ ᠲᠡᠮᠡᠴᠡᠨ ᠣᠯᠬᠤ ᠬᠠᠮᠲᠤ ᠶᠢᠨ ᠦᠢᠯᠡᠰ ᠨᠢ ᠮᠠᠨ ᠤ ᠬᠤᠶᠠᠷ ᠤᠯᠤᠰ ᠢ ᠬᠠᠨᠢᠲᠠᠨ ᠪᠤᠯᠭᠠᠬᠰᠠᠨ ᠶᠤᠮ᠃ 65 ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠠᠯᠵᠧᠷᠢᠶ᠎ᠠ ᠢᠮᠠᠭᠲᠠ ᠵᠣᠪᠠᠭᠤᠷᠢ ᠵᠦᠳᠡᠭᠦᠷᠢ ᠪᠠᠨ ᠬᠠᠮᠲᠤᠳᠬᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠬᠠᠮᠲᠤ ᠶᠢᠨ ᠬᠥᠭᠵᠢᠯᠲᠡ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠬᠦ ᠵᠠᠮ ᠳᠡᠭᠡᠷᠡᠬᠢ ᠦᠨᠡᠨᠴᠢ ᠨᠠᠶᠢᠵᠠ᠂ ᠠᠶᠠᠨᠳᠠᠭᠠᠨ ᠤ ᠬᠠᠨᠢᠲᠠᠨ ᠪᠣᠯᠣᠭᠰᠠᠭᠠᠷ ᠢᠷᠡᠵᠡᠶ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠯᠵᠧᠷᠢᠶ᠎ᠠ ᠶᠢᠨ ᠬᠢᠨ ᠶᠠᠭ ︽ᠰᠢᠨ᠎ᠡ ᠠᠯᠵᠧᠷᠢᠶ᠎ᠠ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠠᠯᠵᠧᠷᠢᠶ᠎ᠠ  ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠶ᠎ᠠ᠃ ᠠᠯᠵᠧᠷᠢᠶ᠎ᠠ ᠶᠢᠨ ᠬᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠬᠥᠮᠥᠨ ᠤ ᠡᠷᠬᠡ ᠵᠡᠷᠭᠡ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠷ ᠳᠤᠮᠳᠠᠳᠤ ᠤᠯᠤᠰ ᠤᠨ ᠰᠢᠳᠤᠷᠭᠤ ᠶᠣᠰᠣᠨ ᠤ ᠵᠣᠭᠰᠣᠯᠲᠠ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠠᠯᠵᠧᠷᠢᠶ᠎ᠠ ᠶᠢᠨ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠵᠦ᠂ ᠠᠯᠵᠧᠷᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠭᠠᠳᠠᠭᠠᠳᠤ ᠶᠢᠨ ᠬᠦᠴᠦᠨ ᠤ ᠠᠯᠵᠧᠷᠢᠶ᠎ᠠ ᠶᠢᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠴᠢᠬᠤᠯᠠ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠭᠠᠷ ᠬᠤᠯᠪᠣᠨ ᠰᠠᠶᠢᠲᠤᠷ ᠨᠠᠶᠢᠳᠠᠪᠤᠷᠢᠵᠢᠭᠤᠯᠵᠤ᠂ ᠰᠠᠭᠤᠷᠢ ᠲᠥᠬᠦᠭᠡᠷᠦᠮᠵᠢ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠨᠰᠠᠷ ᠤᠨ ᠠᠶᠠᠯᠠᠯ᠂ ᠴᠥᠮ᠎ᠡ ᠶᠢᠨ ᠡᠨᠧᠷᠭᠢ᠂ ᠮᠡᠳᠡᠭᠡ ᠵᠠᠩᠭᠢ ᠴᠢᠮᠡᠭᠡ ᠬᠤᠯᠪᠤᠭ᠎ᠠ᠂ ᠳᠠᠬᠢᠯᠲᠠ ᠡᠨᠧᠷᠭᠢ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠶᠢᠨ ᠬᠢᠨ ᠳᠤ ᠴᠢᠳᠠᠯ ᠤᠨ ᠢᠶᠠᠨ ᠬᠢᠷᠢ ᠪᠠᠷ ᠲᠤᠰᠠᠯᠠᠮᠵᠢ ᠬᠠᠩᠭᠠᠵᠤ᠂ ᠠᠯᠵᠧᠷᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠡᠮᠵᠢᠵᠤ᠂ ᠳᠤᠷᠠᠲᠠᠶ᠎ᠠ ᠠᠯᠵᠧᠷᠢᠶ᠎ᠠ ᠶᠢᠨ ᠨᠡᠩ ᠤᠯᠠᠨ ᠴᠢᠨᠠᠷ ᠰᠠᠶᠢᠲᠠᠢ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠯᠵᠧᠷᠢᠶ᠎ᠠ ᠳᠤ ᠬᠦᠷᠴᠦ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠡᠨᠡ ᠵᠢᠯ ᠪᠣᠯ ᠳᠤᠮᠳᠠᠳᠤ ᠤᠯᠤᠰ ᠠᠴᠠ ᠠᠯᠵᠧᠷᠢᠶ᠎ᠠ ᠳᠤ ᠡᠮᠴᠢᠯᠡᠭᠡᠨ ᠤ ᠠᠩᠭᠢ ᠲᠣᠮᠢᠯᠠᠭᠰᠠᠨ 60 ᠵᠢᠯ ᠤᠨ ᠣᠶ ᠪᠣᠯᠣᠨ᠎ᠠ᠃ 60 ᠵᠢᠯ ᠤᠨ ᠲᠤᠷᠰᠢ᠂ ᠳᠤᠮᠳᠠᠳᠤ ᠤᠯᠤᠰ ᠠᠴᠠ ᠠᠯᠵᠧᠷᠢᠶ᠎ᠠ ᠳᠤ 3522 ᠬᠥᠮᠥᠨ ᠤᠳᠠᠭ᠎ᠠ ᠶᠢᠨ ᠡᠮᠴᠢ ᠰᠤᠪᠢᠯᠠᠭᠴᠢ ᠲᠣᠮᠢᠯᠠᠵᠤ᠂ ᠨᠡᠶᠢᠳᠡ 2700 ᠭᠠᠷᠤᠢ ᠲᠦᠮᠡᠨ ᠬᠥᠮᠥᠨ ᠤᠳᠠᠭ᠎ᠠ ᠶᠢᠨ ᠡᠪᠡᠳᠴᠢᠲᠡᠨ ᠳᠤ ᠣᠨᠣᠰᠢᠯᠠᠯᠲᠠ ᠡᠮᠴᠢᠯᠡᠭᠡ ᠬᠢᠵᠦ᠂ 207 ᠲᠦᠮᠡ ᠭᠠᠷᠤᠢ ᠨᠢᠯᠬ᠎ᠠ ᠬᠡᠦᠬᠡᠳ ᠢ ᠬᠥᠩᠭᠡᠵᠢᠭᠦᠯᠵᠦ᠂ ᠳᠤᠮᠳᠠᠳᠤ ᠠᠯᠵᠧᠷᠢᠶ᠎ᠠ ᠶᠢᠨ ᠨᠥᠬᠦᠷᠯᠡᠯ ᠤᠨ ᠬᠥᠰᠢᠶ᠎ᠡ ᠶᠢ ᠪᠣᠰᠬᠠᠵᠠᠢ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠶᠢᠨ ᠲᠠᠯ᠎ᠠ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠠᠯᠵᠧᠷᠢᠶ᠎ᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠵᠤ᠂ ᠰᠣᠨᠢᠨ ᠮᠡᠳᠡᠭᠡ᠂ ᠵᠢᠭᠤᠯᠴᠢᠯᠠᠯ᠂ ᠵᠠᠯᠠᠭᠤᠴᠤᠳ᠂ ᠪᠡᠶ᠎ᠡ ᠶᠢᠨ ᠲᠠᠮᠢᠷ᠂ ᠤᠶᠤᠨ ᠤ ᠬᠥᠮᠥᠷᠭᠡ ᠵᠡᠷᠭᠡ ᠬᠦᠷᠢᠶᠡᠨ ᠤ ᠨᠥᠭᠦᠷᠰᠡᠭ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ ᠯᠤᠭ᠎ᠠ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠲᠦᠷᠭᠡᠨ ᠨᠠᠶᠢᠳᠠᠪᠤᠷᠢᠵᠢᠭᠤᠯᠵᠤ᠂ ᠳᠤᠮᠳᠠᠳᠤ ᠠᠯᠵᠧᠷᠢᠶ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ︽ᠨᠠᠢᠮᠠᠨ ᠶᠡᠭᠡ ᠬᠠᠮᠲᠤ ᠶᠢᠨ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠶᠠᠷᠢᠶᠠᠨ ᠤ ᠲᠠᠪᠴᠠᠩ ᠤᠨ ᠳ᠋ᠠᠺᠠᠷ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠯᠵᠧᠷᠢᠶ᠎ᠠ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠯᠵᠧᠷᠢᠶ᠎ᠠ ᠶᠢᠨ ᠬᠢᠨ 2024 — 2025 ᠣᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠪᠤᠰᠤ ᠬᠡᠷᠡᠭ ᠡᠷᠭᠢᠯᠡᠭᠴᠢ ᠤᠯᠤᠰ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ ᠠᠯᠵᠧᠷᠢᠶ᠎ᠠ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠯᠠᠪᠤᠷ ᠤᠨ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃      ᠲᠧᠪᠧᠨ᠂ ᠳᠤᠮᠳᠠᠳᠤ ᠤᠯᠤᠰ ᠪᠣᠯ ᠠᠯᠵᠧᠷᠢᠶ᠎ᠠ ᠶᠢᠨ ᠬᠠᠮᠤᠭ ᠤᠨ ᠴᠢᠬᠤᠯᠠ ᠨᠠᠶᠢᠵᠠ ᠪᠠ ᠬᠠᠨᠢᠲᠠᠨ ᠮᠥᠨ᠃ ᠳᠤᠮᠳᠠᠳᠤ ᠤᠯᠤᠰ ᠤᠨ ᠬᠢᠨ ᠤ ᠤᠷᠳᠤ ᠬᠤᠭᠤᠴᠠᠭᠠᠨ ᠤ ᠲᠤᠷᠰᠢ ᠠᠯᠵᠧᠷᠢᠶ᠎ᠠ ᠳᠤ ᠡᠯ᠎ᠡ ᠵᠦᠢᠯ ᠤᠨ ᠡᠷᠬᠢᠮ ᠨᠠᠨᠳᠢᠨ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠠᠯᠵᠧᠷᠢᠶ᠎ᠠ ᠶᠢᠨ ᠬᠢᠨ ᠳᠤᠮᠳᠠᠳᠤ ᠤᠯᠤᠰ ᠤᠨ ᠲᠠᠶᠢᠸᠠᠨ᠂ ᠰᠢᠨᠵᠢᠶᠠᠩ ᠳᠤ ᠬᠤᠯᠪᠣᠭᠳᠠᠬᠤ ᠵᠡᠷᠭᠡ ᠭᠤᠣᠯᠯᠠᠬᠤ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠲᠡᠮᠵᠢᠵᠤ᠂ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠠᠯᠵᠧᠷᠢᠶ᠎ᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠠᠯᠵᠧᠷᠢᠶ᠎ᠠ ᠶᠢᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠠᠯᠵᠧᠷᠢᠶ᠎ᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠯᠵᠧᠷᠢᠶ᠎ᠠ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ᠂ ᠳᠤᠷᠠᠲᠠᠶ᠎ᠠ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠵᠤ᠂ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠠᠳ ᠤᠨ ᠠᠯᠵᠧᠷᠢᠶ᠎ᠠ ᠳᠤ ᠬᠦᠷᠴᠦ ᠵᠢᠭᠤᠯᠴᠢᠯᠠᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠣᠳᠣᠬᠠᠨ ᠤ ᠤᠯᠠᠨ ᠤᠯᠤᠰ ᠤᠨ ᠪᠠᠶᠢᠷᠢᠰᠢᠯ ᠮᠠᠰᠢ ᠲᠡᠩᠴᠡᠭᠦᠷᠢ ᠦᠭᠡᠢ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠤ ᠨᠡᠩ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠵᠤ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠦᠷᠢᠯᠳᠦᠭᠦᠯᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠫᠠᠯᠧᠰᠲ᠋ᠠᠶᠢᠨ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠡᠷᠬᠡ ᠲᠡᠭᠰᠢ ᠪᠠᠷ ᠰᠢᠢᠳᠪᠦᠷᠢᠯᠡᠵᠦ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠪᠦᠲᠦᠭᠡᠯᠴᠢ ᠴᠢᠨᠠᠷᠲᠠᠢ ᠦᠢᠯᠡᠳᠦᠯ ᠢ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ  ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ᠠᠯᠵᠧᠷᠢᠶ᠎ᠠ ᠶᠢᠨ ᠬᠢᠨ ᠳᠤᠮᠳᠠᠳᠤ ᠠᠯᠵᠧᠷᠢᠶ᠎ᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠳᠤᠮᠳᠠᠳᠤ ᠠᠯᠵᠧᠷᠢᠶ᠎ᠠ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠯᠵᠧᠷᠢᠶ᠎ᠠ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠰᠢᠨ᠎ᠡ ᠲᠦᠪᠰᠢᠨ ᠳᠤ ᠬᠦᠷᠭᠡᠵᠦ᠂ ᠬᠤᠶᠠᠷ ᠲᠠᠯ᠎ᠠ ᠶᠢᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠢᠯᠡᠳᠬᠡᠪᠡ      ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ᠂ ᠵᠠᠮ ᠬᠠᠷᠢᠯᠴᠠᠭ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠠᠭᠢᠯᠭᠠᠨ ᠬᠤᠯᠪᠤᠭ᠎ᠠ᠂ ᠬᠤᠳᠠ ᠶᠢᠨ ᠦᠷᠭᠦᠯᠵᠢᠯᠡᠬᠦ ᠬᠥᠭᠵᠢᠯᠲᠡ᠂ ᠠᠷᠠᠯᠵᠢᠶ᠎ᠠ᠂ ᠰᠠᠨᠰᠠᠷ ᠤᠨ ᠠᠶᠠᠯᠠᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠡᠨᠧᠷᠭᠢ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠠᠷᠠᠳᠴᠢᠯᠠᠭᠰᠠᠨ ᠠᠯᠵᠧᠷᠢᠶ᠎ᠠ ᠠᠷᠠᠳ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠧᠪᠧᠨ ᠢ ᠤᠭᠲᠤᠬᠤ ᠶᠣᠰᠣᠯᠠᠯ ᠶᠠᠪᠤᠭᠤᠯᠪᠠ᠃      ᠲᠧᠪᠧᠨ ᠬᠦᠷᠬᠦ ᠦᠶ᠎ᠡ ᠳᠤ᠂ ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣ ᠭᠦᠢᠴᠡᠳᠬᠡᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠠᠯᠵᠧᠷᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠲᠧᠪᠧᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠶᠡᠭᠡ ᠲᠢᠩᠬᠢᠮ ᠳᠤ ᠲᠧᠪᠧᠨ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3