ᠮᠠᠨ ᠤ ᠰᠢᠶᠠᠨ ᠰᠢᠬᠢᠷ ᠯᠤᠤᠪᠠᠩ ᠤᠨ ︽ᠳᠠᠭᠠᠳᠬᠠᠯ + ᠬᠤᠭᠤᠴᠠᠭᠠᠲᠤ ᠪᠠᠷᠠᠭ᠎ᠠ︾᠎ ᠶᠢᠨ ᠲᠥᠷᠥᠯ  ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/24
     7 ᠰᠠᠷ᠎ᠠ ᠶᠢᠨ 20᠎ ᠤ ᠡᠳᠦᠷ᠂ ᠰᠢᠩ ᠾᠧ ᠰᠢᠶᠠᠨ ᠰᠢᠬᠢᠷ ᠯᠤᠤᠪᠠᠩ ᠤᠨ ︽ᠳᠠᠭᠠᠳᠬᠠᠯ + ᠬᠤᠭᠤᠴᠠᠭᠠᠲᠤ ᠪᠠᠷᠠᠭ᠎ᠠ︾᠎ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠵᠢᠴᠢ ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠵᠧᠩᠵᠧᠤ ᠶᠢᠨ ᠲᠠᠸᠠᠷ ᠤᠨ ᠠᠷᠠᠯᠵᠢᠶᠠᠨ ᠤ ᠭᠠᠵᠠᠷ᠂ ᠬᠥᠬᠡᠮᠥ᠋ᠷᠡᠨ ᠤ ᠬᠤᠭᠤᠴᠠᠭᠠᠲᠤ ᠪᠠᠷᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠢᠩ ᠾᠧ ᠰᠢᠶᠠᠨ ᠪᠣᠯ ᠤᠮᠠᠷᠠᠲᠤ ᠥᠷᠭᠡᠷᠢᠭ ᠤᠨ 41°᠎ ᠤᠨ ᠰᠢᠵᠢᠷ ᠠᠯᠲᠠᠨ ᠲᠠᠷᠢᠮᠠᠯ ᠤᠨ ᠪᠦᠰᠡ ᠳᠤ ᠪᠠᠶᠢᠷᠢᠯᠠᠵᠤ᠂ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠪᠠᠶᠢᠵᠤ᠂ ᠪᠣᠬᠢᠷᠲᠤᠯ ᠦᠭᠡᠶ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠰᠠᠨᠠᠭᠠᠨ ᠳᠤ ᠨᠡᠶᠢᠴᠡᠭᠰᠡᠨ ᠰᠠᠭᠤᠷᠢᠨ ᠭᠠᠵᠠᠷ ᠪᠣᠯᠤᠨ᠎ᠠ᠃ ᠰᠢᠬᠢᠷ ᠯᠤᠤᠪᠠᠩ ᠪᠣᠯ ᠰᠢᠩ ᠾᠧ ᠰᠢᠶᠠᠨ ᠤ ᠴᠢᠬᠤᠯᠠ ᠠᠵᠤ ᠠᠬᠤᠢ ᠶᠢᠨ ᠲᠠᠷᠢᠮᠠᠯ ᠪᠣᠯᠤᠨ᠎ᠠ᠂ ᠡᠨᠡ ᠵᠢᠯ ᠤᠨ ᠲᠠᠷᠢᠬᠤ ᠲᠠᠯᠠᠪᠠᠢ 9.5 ᠲᠦᠮᠡᠨ ᠮᠦ ᠳᠤ ᠬᠦᠷᠴᠦ᠂ ᠵᠢᠱᠢᠯᠲᠡ ᠪᠠᠷ ᠶᠡᠷᠦᠩᠬᠡᠢ ᠤᠨᠠᠯᠲᠠ 38 ᠲᠦᠮᠡᠨ ᠲᠣᠨ ᠳᠤ ᠬᠦᠷᠬᠦ ᠪᠣᠯᠤᠨ᠎ᠠ᠃ ᠰᠢᠩ ᠾᠧ ᠰᠢᠶᠠᠨ ᠤ ᠵᠠᠰᠠᠭ ᠤᠨ ᠣᠷᠳᠣᠨ ᠣᠯᠠᠨ ᠮᠥᠩᠭᠦᠨ ᠭᠦᠶ᠋ᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠲᠠᠢ ᠬᠠᠮᠲᠤᠷᠠᠨ 2023 ᠣᠨ ᠤ ᠰᠢᠬᠢᠷ ᠯᠤᠤᠪᠠᠩ ᠤᠨ ︽ᠳᠠᠭᠠᠳᠬᠠᠯ + ᠬᠤᠭᠤᠴᠠᠭᠠᠲᠤ ᠪᠠᠷᠠᠭ᠎ᠠ︾᠎ ᠶᠢᠨ ᠲᠥᠷᠥᠯ ᠵᠦᠶ᠋ᠯ ᠢ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠶ ᠳᠠᠭᠠᠳᠬᠠᠯ ᠤᠨ ᠵᠠᠷᠤᠳᠠᠯ ᠨᠢ ᠪᠠᠷᠤᠭ 500 ᠲᠦᠮᠡᠨ ᠲᠥᠭᠦᠷᠢᠭ ᠪᠠᠶᠢᠵᠤ᠂ ᠰᠢᠶᠠᠨ ᠤ ᠬᠡᠪᠴᠢᠶᠡᠨ ᠳᠠᠬᠢ ᠰᠢᠬᠢᠷ ᠯᠤᠤᠪᠠᠩ ᠳᠠᠷᠢᠬᠤ ᠡᠷᠦᠬᠡ ᠶᠢᠨ ᠪᠠᠲᠤᠯᠠᠬᠤ ᠳᠤᠷᠠᠲᠠᠶ ᠪᠦᠬᠦᠨ ᠢ ᠪᠠᠲᠤᠯᠠᠬᠤ ᠶᠢ ᠪᠡᠶᠡᠯᠡᠭᠦᠯᠵᠦ ᠪᠣᠯᠤᠨ᠎ᠠ᠃      ᠯᠢ ᠺᠠᠶ ᠳ᠋ᠦᠩ ᠬᠡᠯᠡᠬᠦ ᠳᠡᠭᠡᠨ᠂ ᠲᠣᠰ ᠤᠳᠠᠭᠠᠨ ᠤ ᠰᠢᠬᠢᠷ ᠯᠤᠤᠪᠠᠩ ᠤᠨ ︽ᠳᠠᠭᠠᠳᠬᠠᠯ + ᠬᠤᠭᠤᠴᠠᠭᠠᠲᠤ ᠪᠠᠷᠠᠭ᠎ᠠ︾᠎ ᠶᠢᠨ ᠵᠦᠶ᠋ᠯᠡᠰ ᠢ ᠨᠠᠶᠢᠳᠠᠪᠤᠷᠢᠵᠢᠭᠤᠯᠤᠭᠰᠠᠨ ᠨᠢ ᠲᠠᠷᠢᠮᠠᠯ ᠤᠨ ᠡᠷᠦᠬᠡ ᠳᠤ ᠪᠦᠲᠦᠮᠵᠢᠲᠡᠶ ᠦᠨ᠎ᠡ ᠬᠠᠩᠰᠢ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠳᠡᠮᠵᠢᠯᠭᠡ ᠬᠠᠩᠭᠠᠵᠤ᠂ ᠲᠠᠷᠢᠮᠠᠯ ᠤᠨ ᠣᠷᠣᠯᠭ᠎ᠠ ᠶᠢ ᠪᠠᠲᠤᠯᠠᠵᠤ ᠴᠢᠳᠠᠬᠤ ᠮᠥᠷᠲᠡᠭᠡᠨ ᠪᠠᠰᠠ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠤᠬᠠᠮᠰᠠᠷ ᠪᠠ ᠲᠦᠭᠰᠢᠭᠦᠷᠢ ᠶᠢᠨ ᠤᠬᠠᠮᠰᠠᠷ ᠢ ᠨᠢ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠢᠳᠡᠪᠬᠢᠵᠢᠯ ᠢ ᠳᠡᠭᠡᠭᠰᠢᠯᠡᠭᠦᠯᠵᠦ᠂ ᠡᠴᠦᠰ ᠲᠡᠭᠡᠨ ᠠᠵᠤ ᠦᠢᠯᠡᠰ ᠤᠨ ᠬᠥᠭᠵᠢᠯᠲᠡ ᠶᠢ ᠲᠣᠭᠲᠠᠪᠤᠷᠢᠵᠢᠭᠤᠯᠬᠤ ᠵᠣᠷᠢᠯᠭ᠎ᠠ ᠳᠤ ᠬᠦᠷᠴᠦ ᠴᠢᠳᠠᠬᠤ ᠶᠤᠮ ᠭᠡᠵᠡᠶ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠥᠩ ᠰᠢᠤ ᠯᠦᠩ ᠳᠤᠮᠳᠠᠳᠤ ᠤᠯᠤᠰ ᠤᠨ ᠳ᠋ᠠ ᠳ᠋ᠢ ᠳᠠᠭᠠᠳᠬᠠᠯ ᠤᠨ ᠤᠯᠠᠭᠠᠨᠴᠠᠪ ᠤᠨ ᠲᠥᠪ ᠰᠠᠯᠪᠤᠷᠢ ᠺᠣᠮᠫᠠᠨᠢ ᠶᠢᠨ ᠲᠥᠯᠥᠭᠡᠯᠡᠭᠴᠢ ᠲᠠᠢ ᠲᠤᠬᠠᠶ ᠶᠢᠨ ᠲᠠᠯᠠᠪᠤᠷ ᠲᠤ ᠰᠢᠬᠢᠷ ᠯᠤᠤᠪᠠᠩ ᠤᠨ ︽ᠳᠠᠭᠠᠳᠬᠠᠯ + ᠬᠤᠭᠤᠴᠠᠭᠠᠲᠤ ᠪᠠᠷᠠᠭ᠎ᠠ︾᠎ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3