ᠰᠢᠩ ᠾᠧ ᠰᠢᠶᠠᠨ ᠳᠥᠷᠪᠡᠨ ᠮᠤᠵᠢ ᠣᠷᠣᠨ ᠬᠤᠲᠠ ᠶᠢᠨ ᠠᠷᠪᠠᠨ ᠲᠠᠪᠤᠨ ᠬᠤᠰᠢᠭᠤ ᠰᠢᠶᠠᠨ ᠲᠣᠭᠤᠷᠢᠭ ᠤᠨ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠶᠢᠨ ᠦᠵᠡᠭᠦᠯᠦᠯᠭᠡ ᠡᠷᠭᠢᠯᠡᠪᠡ
ᠨᠡᠶᠢᠲᠡᠯᠡᠭᠰᠡᠨ ᠴᠠᠭ᠄
2023/7/24
     ᠲᠤᠯᠤᠭᠠᠨ ᠰᠠᠷ᠎ᠠ ᠶᠢᠨ ᠵᠤᠨ ᠤ ᠤᠯᠠᠷᠢᠯ ᠳᠤ᠂ ᠪᠢᠴᠢᠭ ᠤᠨ ᠪᠡᠭᠡ ᠠᠩᠬᠢᠯᠤᠮ᠎ᠠ ᠦᠨᠦᠷ ᠬᠠᠩᠬᠤᠯᠤᠨ᠎ᠠ᠃ 7 ᠰᠠᠷ᠎ᠠ ᠶᠢᠨ 22᠎ ᠤᠨ ᠡᠳᠦᠷ᠂ ᠰᠢᠩ ᠡᡁᠧ ᠰᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠤᠶᠠᠩᠭᠠᠯᠠᠨ ᠪᠢᠴᠢᠭᠯᠡᠬᠦ︾ ᠲᠦᠷᠪᠡᠨ ᠮᠤᠵᠢ ᠣᠷᠣᠨ ᠬᠤᠳᠠ ᠶᠢᠨ ᠠᠷᠪᠠᠨ ᠲᠠᠪᠤᠨ ᠬᠤᠰᠢᠭᠤ ᠰᠢᠶᠠᠨ ᠲᠣᠭᠤᠷᠢᠭ ᠤᠨ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠶᠢᠨ ᠦᠵᠡᠰᠬᠦᠯᠡᠩ ᠡᠷᠬᠢᠯᠡᠪᠡ᠃
     ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠤᠨ ᠠᠬᠤᠶ ᠲᠠᠯᠠᠪᠠᠶ ᠳᠤ᠂ ᠳᠥᠷᠪᠡᠨ ᠮᠤᠵᠢ ᠣᠷᠣᠨ ᠬᠤᠲᠠ᠂ ᠠᠷᠪᠠᠨ ᠲᠠᠪᠤᠨ ᠬᠤᠰᠢᠭᠤ ᠰᠢᠶᠠᠨ ᠲᠣᠭᠤᠷᠢᠭ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠡᠯ᠎ᠡ ᠭᠠᠵᠠᠷ ᠣᠷᠣᠨ ᠤ ᠬᠡᠪ ᠨᠠᠮᠪᠠ ᠨᠢ ᠡᠷᠡᠰ ᠣᠨᠳᠣᠤ᠂ ᠠᠭᠤᠯᠬᠤᠨ ᠨᠢ ᠪᠠᠶᠠᠯᠢᠭ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠬᠠᠮᠲᠤ ᠪᠠᠷ ᠲᠣᠭᠤᠷᠢᠨ ᠦᠵᠡᠪᠡ᠃ ᠵᠣᠬᠢᠶᠠᠭᠴᠢᠳ ᠪᠦᠲᠦᠭᠡᠯ ᠤᠨ ᠢᠶᠠᠨ ᠡᠮᠦᠨ᠎ᠡ ᠪᠠᠶᠢᠨ ᠪᠠᠶᠢᠨ ᠵᠣᠭᠰᠣᠨ ᠲᠣᠭᠤᠷᠢᠨ ᠦᠵᠡᠵᠦ᠂ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠥᠪᠡᠷ ᠤᠨ ᠲᠣᠭᠤᠭᠰᠠᠨ ᠪᠦᠲᠦᠭᠡᠯ ᠢᠶᠠᠨ ᠦᠵᠡᠭᠡᠳ ᠥᠪᠡᠷ ᠤᠨ ᠡᠷᠬᠡ ᠥᠬᠡᠶ ᠮᠠᠭᠲᠠᠨ ᠰᠠᠶᠢᠰᠢᠶᠠᠵᠤ᠂ ᠭᠠᠷ ᠤᠲᠠᠰᠤ ᠪᠠᠷ ᠢᠶᠠᠨ ᠬᠡᠷᠡᠯ ᠵᠢᠷᠤᠭ ᠠᠪᠴᠤ ᠳᠤᠷᠠᠰᠬᠠᠯ ᠦᠯᠡᠳᠡᠭᠡᠳᠡᠭ ᠪᠠᠶᠢᠯ᠎ᠠ᠃ ᠦᠵᠡᠭᠦᠯᠦᠯᠭᠡ ᠶᠢᠨ ᠨᠡᠪᠲᠡᠷᠡᠭᠦᠯᠭᠡ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠬᠡᠰᠡᠭ ᠲᠤ ᠬᠤᠪᠢᠶᠠᠨ ᠶᠠᠪᠤᠭᠳᠠᠭᠤᠯᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠨᠢ ᠴᠦ ᠴᠥᠭᠡᠨ ᠪᠤᠰᠤ ᠲᠣᠭᠤᠷᠢᠨ ᠦᠵᠡᠭᠴᠢᠳ ᠤᠨ ᠠᠩᠬᠠᠷᠤᠯ ᠢ ᠲᠠᠲᠠᠵᠤ᠂ ᠦᠵᠡᠭᠦᠯᠦᠯᠭᠡ ᠶᠢ ᠰᠣᠨᠢᠷᠬᠠᠬᠤ ᠪᠠᠷ ᠢᠷᠡᠭᠰᠡᠨ ᠪᠠᠶᠢᠨ᠎ᠠ᠃
     ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠨᠢ ᠬᠤᠶᠠᠷ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠡᠯ᠎ᠡ ᠲᠥᠷᠥᠯ ᠤᠨ ᠪᠦᠲᠦᠭᠡᠯ ᠢ ᠨᠡᠶᠢᠲᠡ 260 ᠭᠠᠷᠤᠶ ᠡᠯᠰᠡᠨ ᠴᠤᠭᠯᠠᠭᠤᠯᠵᠤ᠂ ᠰᠦᠯᠵᠢᠶᠡᠨ ᠭᠠᠳᠠᠨ᠎ᠠ 160 ᠭᠠᠷᠤᠶ ᠪᠦᠲᠦᠭᠡᠯ ᠢ ᠳᠡᠯᠭᠡᠨ ᠦᠵᠡᠭᠦᠯᠵᠡᠶ᠃ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠰᠡᠳᠦᠪᠯᠡᠬᠦᠨ ᠨᠢ ᠥᠷᠭᠡᠨ ᠳᠡᠯᠭᠡᠷ᠂ ᠶᠠᠰᠤ ᠴᠢᠨᠠᠷ ᠨᠢ ᠥᠨᠳᠥᠷ᠂ ᠲᠤᠭ᠎ᠠ ᠬᠡᠮᠵᠢᠶ᠎ᠡ ᠨᠢ ᠣᠯᠠᠨ᠂ ᠠᠭᠤᠯᠬᠤᠨ ᠨᠢ ᠪᠠᠶᠠᠯᠢᠭ᠂ ᠬᠡᠪ ᠨᠠᠮᠪᠠ ᠨᠢ ᠣᠯᠠᠨ ᠶᠠᠩᠵᠤ ᠶᠢ ᠳᠡᠯᠭᠡᠨ ᠦᠵᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠴᠢᠬᠤᠯᠠ ᠥᠭᠦᠯᠡᠯᠲᠡ ᠪᠠ ᠠᠯᠳᠠᠷᠲᠤ ᠦᠭᠡ ᠥᠭᠦᠯᠡᠪᠦᠷᠢ ᠶᠢ ᠪᠡᠭᠡ ᠶᠢᠨ ᠳᠣᠲᠣᠷ᠎ᠠ ᠪᠠ ᠪᠢᠷ ᠪᠡᠭᠡ ᠶᠢᠨ ᠬᠤᠭᠤᠷᠣᠨᠳᠣ ᠳᠡᠯᠭᠡᠨ ᠦᠵᠡᠭᠦᠯᠵᠦ᠂ ᠤᠷᠠᠯᠢᠭ ᠤᠨ ᠬᠠᠶᠢᠷ᠎ᠠ ᠰᠡᠳᠬᠢᠯᠭᠡ ᠶᠢ ᠡᠪᠬᠡᠮᠡᠯ ᠤᠨ ᠳᠡᠭᠡᠷ᠎ᠡ ᠪᠢᠴᠢᠭᠰᠡᠨ ᠪᠠᠶᠢᠨ᠎ᠠ᠃ ᠠᠵᠢᠯᠯᠠᠭ᠎ᠠ ᠪᠣᠯ ᠥᠷᠭᠡᠨ ᠤᠯᠠᠨ ᠲᠦᠮᠡᠨ ᠢ ᠬᠦᠳᠦᠯᠦᠨ ᠳᠠᠭᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠦᠲᠦᠮᠵᠢᠲᠡᠢ ᠠᠴᠢᠶᠠᠯᠠᠪᠤᠷᠢ ᠮᠥᠨ᠂ ᠪᠠᠰᠠ ᠴᠤ ᠡᠯ᠎ᠡ ᠭᠠᠵᠠᠷ ᠤᠨ ᠤᠳᠬ᠎ᠠ ᠤᠷᠠᠯᠢᠭ ᠤᠨ ᠠᠵᠢᠯᠲᠠᠳ ᠲᠤ ᠬᠠᠷᠢᠯᠴᠠᠨ ᠰᠤᠷᠤᠯᠴᠠᠬᠤ᠂ ᠬᠠᠷᠢᠯᠴᠠᠨ ᠲᠤᠯᠢ ᠪᠣᠯᠭᠠᠬᠤ᠂ ᠤᠷ᠎ᠠ ᠮᠡᠷᠭᠡᠵᠢᠯ ᠢᠶᠠᠨ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ ᠥᠭᠴᠡᠢ᠃
     ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠳᠤ ᠪᠡᠭᠡᠵᠢᠩ ᠬᠤᠲᠠ ᠶᠢᠨ ᠶᠠᠨᠴᠢᠩ ᠲᠣᠭᠤᠷᠢᠭ ᠢ ᠪᠠᠭᠲᠠᠭᠠᠨ᠎ᠠ︔ ᠱᠠᠨ ᠰᠢ ᠮᠤᠵᠢ ᠶᠢᠨ ᠶᠠᠩ ᠭᠤᠤ ᠰᠢᠶᠠᠨ᠂ ᠲᠢᠶᠠᠨ ᠵᠧᠨ ᠰᠢᠶᠠᠨ᠂  ᠽᠦᠸᠧ ᠶᠦᠨ ᠰᠢᠶᠠᠨ᠂ ᠳ᠋ᠠᠲ᠋ᠦ᠋ᠩ ᠬᠤᠳᠠ ᠶᠢᠨ ᠫᠢᠩᠴᠤᠩ ᠲᠣᠭᠤᠷᠢᠭ︔  ᠾᠤᠪᠸᠢ ᠮᠤᠵᠢ ᠶᠢᠨ ᠱᠠᠩ ᠢ ᠰᠢᠶᠠᠨ᠂ ᠵᠠᠩᠪᠸᠢ ᠰᠢᠶᠠᠨ᠂ ᠥᠪᠥᠷ ᠮᠣᠩᠭᠤᠯ ᠤᠨ ᠰᠢᠩ ᠾᠧ ᠰᠢᠶᠠᠨ ᠤ ᠱᠠᠩᠳᠤ ᠰᠢᠶᠠᠨ ᠢ ᠪᠠᠭᠲᠠᠭᠠᠭᠰᠠᠨ ᠳᠥᠷᠪᠡᠨ ᠮᠤᠵᠢ ᠣᠷᠣᠨ ᠬᠤᠲᠠ ᠶᠢᠨ ᠠᠷᠪᠠᠨ ᠲᠠᠪᠤᠨ ᠬᠤᠰᠢᠭᠤ ᠰᠢᠶᠠᠨ ᠲᠣᠭᠤᠷᠢᠭ᠃      ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠭᠰᠡᠨ ᠤ ᠳᠠᠷᠠᠭ᠎ᠠ᠂ ᠳᠥᠷᠪᠡᠨ ᠮᠤᠵᠢ ᠣᠷᠣᠨ ᠬᠤᠲᠠ᠂ ᠠᠷᠪᠠᠨ ᠲᠠᠪᠤᠨ ᠬᠤᠰᠢᠭᠤ ᠰᠢᠶᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢ ᠪᠠᠰᠠ ᠰᠢᠩ ᠾᠧ ᠰᠢᠶᠠᠨ ᠤ ᠯᠦᠩ ᠰᠢᠩ ᠸᠠᠭᠠᠷ ᠱᠠᠭᠠᠵᠠᠩ ᠢ ᠲᠣᠭᠤᠷᠢᠨ ᠦᠵᠡᠵᠦ᠂ ᠸᠠᠭᠠᠷ ᠱᠠᠭᠠᠵᠠᠩ ᠤᠨ  ᠦᠢᠯᠡᠳᠬᠦ ᠤᠷᠠᠯᠠᠯ᠂ ᠲᠡᠤᠬᠡ ᠶᠢᠨ ᠡᠬᠢ ᠰᠤᠷᠪᠤᠯᠵᠢ ᠵᠢᠴᠢ ᠲᠤᠬᠠᠶ ᠶᠢᠨ ᠭᠠᠵᠠᠷ ᠤᠨ ᠸᠠᠭᠠᠷ ᠱᠠᠭᠠᠵᠠᠩ ᠤᠨ ᠰᠣᠶᠣᠯ ᠤᠨ ᠤᠯᠠᠮᠵᠢᠯᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠳᠤᠮᠳᠠᠳᠤ ᠤᠯᠤᠰ ᠤᠨ ᠤᠯᠠᠮᠵᠢᠯᠠᠯᠲᠤ ᠸᠠᠭᠠᠷ ᠱᠠᠭᠠᠵᠠᠩ ᠤᠨ ᠨᠠᠷᠢᠯᠢᠭ ᠤᠷᠠᠯᠠᠯ ᠪᠠ ᠥᠪᠡᠷᠮᠢᠴᠡ ᠷᠢᠳᠢ ᠰᠢᠳᠢ ᠶᠢ ᠬᠠᠮᠲᠤ ᠪᠠᠷ ᠣᠶᠢᠯᠠᠭᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3