ᠲᠤᠯᠤᠭᠠᠨ ᠰᠠᠷ᠎ᠠ ᠶᠢᠨ ᠵᠤᠨ ᠤ ᠤᠯᠠᠷᠢᠯ ᠳᠤ᠂ ᠪᠢᠴᠢᠭ ᠤᠨ ᠪᠡᠭᠡ ᠠᠩᠬᠢᠯᠤᠮ᠎ᠠ ᠦᠨᠦᠷ ᠬᠠᠩᠬᠤᠯᠤᠨ᠎ᠠ᠃ 7 | ᠰᠠᠷ᠎ᠠ ᠶᠢᠨ 22 ᠤᠨ ᠡᠳᠦᠷ᠂ ᠰᠢᠩ ᠡᡁᠧ ᠰᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠦ | ᠬᠥᠭᠵᠢᠯᠲᠡ ᠶᠢᠨ ᠰᠢᠨ᠎ᠡ ᠬᠠᠭᠤᠳᠠᠰᠤ ᠶᠢ ᠤᠶᠠᠩᠭᠠᠯᠠᠨ ᠪᠢᠴᠢᠭᠯᠡᠬᠦ︾ ᠲᠦᠷᠪᠡᠨ ᠮᠤᠵᠢ ᠣᠷᠣᠨ ᠬᠤᠳᠠ ᠶᠢᠨ ᠠᠷᠪᠠᠨ | ᠲᠠᠪᠤᠨ ᠬᠤᠰᠢᠭᠤ ᠰᠢᠶᠠᠨ ᠲᠣᠭᠤᠷᠢᠭ ᠤᠨ ᠤᠷᠠᠨ ᠪᠢᠴᠢᠯᠭᠡ ᠤᠷᠠᠨ ᠵᠢᠷᠤᠭ ᠤᠨ ᠤᠷᠢᠯᠭ᠎ᠠ ᠶᠢᠨ ᠦᠵᠡᠰᠬᠦᠯᠡᠩ ᠡᠷᠬᠢᠯᠡᠪᠡ᠃ | | | | ᠰᠢᠩ ᠾᠧ ᠰᠢᠶᠠᠨ ᠤ ᠤᠷᠠᠨ ᠵᠢᠷᠤᠭ ᠤᠨ ᠣᠷᠳᠣᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠤᠨ | ᠠᠬᠤᠶ ᠲᠠᠯᠠᠪᠠᠶ ᠳᠤ᠂ ᠳᠥᠷᠪᠡᠨ ᠮᠤᠵᠢ ᠣᠷᠣᠨ ᠬᠤᠲᠠ᠂ ᠠᠷᠪᠠᠨ ᠲᠠᠪᠤᠨ ᠬᠤᠰᠢᠭᠤ ᠰᠢᠶᠠᠨ ᠲᠣᠭᠤᠷᠢᠭ ᠤᠨ ᠤᠳᠬ᠎ᠠ | ᠤᠷᠠᠯᠢᠭ ᠤᠨ ᠵᠣᠬᠢᠶᠠᠨ ᠪᠦᠲᠦᠭᠡᠭᠴᠢᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠡᠯ᠎ᠡ ᠭᠠᠵᠠᠷ ᠣᠷᠣᠨ ᠤ ᠬᠡᠪ | ᠨᠠᠮᠪᠠ ᠨᠢ ᠡᠷᠡᠰ ᠣᠨᠳᠣᠤ᠂ ᠠᠭᠤᠯᠬᠤᠨ ᠨᠢ ᠪᠠᠶᠠᠯᠢᠭ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠬᠠᠮᠲᠤ ᠪᠠᠷ | ᠲᠣᠭᠤᠷᠢᠨ ᠦᠵᠡᠪᠡ᠃ ᠵᠣᠬᠢᠶᠠᠭᠴᠢᠳ ᠪᠦᠲᠦᠭᠡᠯ ᠤᠨ ᠢᠶᠠᠨ ᠡᠮᠦᠨ᠎ᠡ ᠪᠠᠶᠢᠨ ᠪᠠᠶᠢᠨ ᠵᠣᠭᠰᠣᠨ ᠲᠣᠭᠤᠷᠢᠨ ᠦᠵᠡᠵᠦ᠂ | ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠥᠪᠡᠷ ᠤᠨ ᠲᠣᠭᠤᠭᠰᠠᠨ ᠪᠦᠲᠦᠭᠡᠯ ᠢᠶᠠᠨ ᠦᠵᠡᠭᠡᠳ ᠥᠪᠡᠷ ᠤᠨ ᠡᠷᠬᠡ | ᠥᠬᠡᠶ ᠮᠠᠭᠲᠠᠨ ᠰᠠᠶᠢᠰᠢᠶᠠᠵᠤ᠂ ᠭᠠᠷ ᠤᠲᠠᠰᠤ ᠪᠠᠷ ᠢᠶᠠᠨ ᠬᠡᠷᠡᠯ ᠵᠢᠷᠤᠭ ᠠᠪᠴᠤ ᠳᠤᠷᠠᠰᠬᠠᠯ ᠦᠯᠡᠳᠡᠭᠡᠳᠡᠭ ᠪᠠᠶᠢᠯ᠎ᠠ᠃ | ᠦᠵᠡᠭᠦᠯᠦᠯᠭᠡ ᠶᠢᠨ ᠨᠡᠪᠲᠡᠷᠡᠭᠦᠯᠭᠡ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠬᠡᠰᠡᠭ ᠲᠤ | ᠬᠤᠪᠢᠶᠠᠨ ᠶᠠᠪᠤᠭᠳᠠᠭᠤᠯᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠨᠢ ᠴᠦ ᠴᠥᠭᠡᠨ ᠪᠤᠰᠤ ᠲᠣᠭᠤᠷᠢᠨ | ᠦᠵᠡᠭᠴᠢᠳ ᠤᠨ ᠠᠩᠬᠠᠷᠤᠯ ᠢ ᠲᠠᠲᠠᠵᠤ᠂ ᠦᠵᠡᠭᠦᠯᠦᠯᠭᠡ ᠶᠢ ᠰᠣᠨᠢᠷᠬᠠᠬᠤ ᠪᠠᠷ ᠢᠷᠡᠭᠰᠡᠨ ᠪᠠᠶᠢᠨ᠎ᠠ᠃ | | | ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠨᠢ ᠬᠤᠶᠠᠷ ᠰᠠᠷ᠎ᠠ ᠶᠢᠨ ᠬᠤᠭᠤᠴᠠᠭ᠎ᠠ ᠲᠠᠢ | ᠶᠠᠪᠤᠭᠳᠠᠵᠤ᠂ ᠡᠯ᠎ᠡ ᠲᠥᠷᠥᠯ ᠤᠨ ᠪᠦᠲᠦᠭᠡᠯ ᠢ ᠨᠡᠶᠢᠲᠡ 260 ᠭᠠᠷᠤᠶ ᠡᠯᠰᠡᠨ ᠴᠤᠭᠯᠠᠭᠤᠯᠵᠤ᠂ ᠰᠦᠯᠵᠢᠶᠡᠨ ᠭᠠᠳᠠᠨ᠎ᠠ | 160 ᠭᠠᠷᠤᠶ ᠪᠦᠲᠦᠭᠡᠯ ᠢ ᠳᠡᠯᠭᠡᠨ ᠦᠵᠡᠭᠦᠯᠵᠡᠶ᠃ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠰᠡᠳᠦᠪᠯᠡᠬᠦᠨ ᠨᠢ | ᠥᠷᠭᠡᠨ ᠳᠡᠯᠭᠡᠷ᠂ ᠶᠠᠰᠤ ᠴᠢᠨᠠᠷ ᠨᠢ ᠥᠨᠳᠥᠷ᠂ ᠲᠤᠭ᠎ᠠ ᠬᠡᠮᠵᠢᠶ᠎ᠡ ᠨᠢ ᠣᠯᠠᠨ᠂ ᠠᠭᠤᠯᠬᠤᠨ ᠨᠢ ᠪᠠᠶᠠᠯᠢᠭ᠂ ᠬᠡᠪ ᠨᠠᠮᠪᠠ ᠨᠢ | ᠣᠯᠠᠨ ᠶᠠᠩᠵᠤ ᠶᠢ ᠳᠡᠯᠭᠡᠨ ᠦᠵᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠴᠢᠬᠤᠯᠠ | ᠥᠭᠦᠯᠡᠯᠲᠡ ᠪᠠ ᠠᠯᠳᠠᠷᠲᠤ ᠦᠭᠡ ᠥᠭᠦᠯᠡᠪᠦᠷᠢ ᠶᠢ ᠪᠡᠭᠡ ᠶᠢᠨ ᠳᠣᠲᠣᠷ᠎ᠠ ᠪᠠ ᠪᠢᠷ ᠪᠡᠭᠡ ᠶᠢᠨ ᠬᠤᠭᠤᠷᠣᠨᠳᠣ ᠳᠡᠯᠭᠡᠨ | ᠦᠵᠡᠭᠦᠯᠵᠦ᠂ ᠤᠷᠠᠯᠢᠭ ᠤᠨ ᠬᠠᠶᠢᠷ᠎ᠠ ᠰᠡᠳᠬᠢᠯᠭᠡ ᠶᠢ ᠡᠪᠬᠡᠮᠡᠯ ᠤᠨ ᠳᠡᠭᠡᠷ᠎ᠡ ᠪᠢᠴᠢᠭᠰᠡᠨ ᠪᠠᠶᠢᠨ᠎ᠠ᠃ ᠠᠵᠢᠯᠯᠠᠭ᠎ᠠ ᠪᠣᠯ | ᠥᠷᠭᠡᠨ ᠤᠯᠠᠨ ᠲᠦᠮᠡᠨ ᠢ ᠬᠦᠳᠦᠯᠦᠨ ᠳᠠᠭᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠦᠲᠦᠮᠵᠢᠲᠡᠢ ᠠᠴᠢᠶᠠᠯᠠᠪᠤᠷᠢ ᠮᠥᠨ᠂ ᠪᠠᠰᠠ ᠴᠤ ᠡᠯ᠎ᠡ ᠭᠠᠵᠠᠷ ᠤᠨ | ᠤᠳᠬ᠎ᠠ ᠤᠷᠠᠯᠢᠭ ᠤᠨ ᠠᠵᠢᠯᠲᠠᠳ ᠲᠤ ᠬᠠᠷᠢᠯᠴᠠᠨ ᠰᠤᠷᠤᠯᠴᠠᠬᠤ᠂ ᠬᠠᠷᠢᠯᠴᠠᠨ ᠲᠤᠯᠢ ᠪᠣᠯᠭᠠᠬᠤ᠂ ᠤᠷ᠎ᠠ ᠮᠡᠷᠭᠡᠵᠢᠯ ᠢᠶᠠᠨ | ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ ᠥᠭᠴᠡᠢ᠃ | | | ᠲᠣᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠳᠤ ᠪᠡᠭᠡᠵᠢᠩ ᠬᠤᠲᠠ ᠶᠢᠨ ᠶᠠᠨᠴᠢᠩ | ᠲᠣᠭᠤᠷᠢᠭ ᠢ ᠪᠠᠭᠲᠠᠭᠠᠨ᠎ᠠ︔ ᠱᠠᠨ ᠰᠢ ᠮᠤᠵᠢ ᠶᠢᠨ ᠶᠠᠩ ᠭᠤᠤ ᠰᠢᠶᠠᠨ᠂ ᠲᠢᠶᠠᠨ ᠵᠧᠨ ᠰᠢᠶᠠᠨ᠂ ᠽᠦᠸᠧ ᠶᠦᠨ | ᠰᠢᠶᠠᠨ᠂ ᠳ᠋ᠠᠲ᠋ᠦ᠋ᠩ ᠬᠤᠳᠠ ᠶᠢᠨ ᠫᠢᠩᠴᠤᠩ ᠲᠣᠭᠤᠷᠢᠭ︔ ᠾᠤᠪᠸᠢ ᠮᠤᠵᠢ ᠶᠢᠨ ᠱᠠᠩ ᠢ ᠰᠢᠶᠠᠨ᠂ ᠵᠠᠩᠪᠸᠢ ᠰᠢᠶᠠᠨ᠂ | ᠥᠪᠥᠷ ᠮᠣᠩᠭᠤᠯ ᠤᠨ ᠰᠢᠩ ᠾᠧ ᠰᠢᠶᠠᠨ ᠤ ᠱᠠᠩᠳᠤ ᠰᠢᠶᠠᠨ ᠢ ᠪᠠᠭᠲᠠᠭᠠᠭᠰᠠᠨ ᠳᠥᠷᠪᠡᠨ ᠮᠤᠵᠢ ᠣᠷᠣᠨ ᠬᠤᠲᠠ ᠶᠢᠨ | ᠠᠷᠪᠠᠨ ᠲᠠᠪᠤᠨ ᠬᠤᠰᠢᠭᠤ ᠰᠢᠶᠠᠨ ᠲᠣᠭᠤᠷᠢᠭ᠃ | ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠭᠰᠡᠨ ᠤ ᠳᠠᠷᠠᠭ᠎ᠠ᠂ ᠳᠥᠷᠪᠡᠨ ᠮᠤᠵᠢ | ᠣᠷᠣᠨ ᠬᠤᠲᠠ᠂ ᠠᠷᠪᠠᠨ ᠲᠠᠪᠤᠨ ᠬᠤᠰᠢᠭᠤ ᠰᠢᠶᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢ ᠪᠠᠰᠠ ᠰᠢᠩ ᠾᠧ | ᠰᠢᠶᠠᠨ ᠤ ᠯᠦᠩ ᠰᠢᠩ ᠸᠠᠭᠠᠷ ᠱᠠᠭᠠᠵᠠᠩ ᠢ ᠲᠣᠭᠤᠷᠢᠨ ᠦᠵᠡᠵᠦ᠂ ᠸᠠᠭᠠᠷ ᠱᠠᠭᠠᠵᠠᠩ ᠤᠨ ᠦᠢᠯᠡᠳᠬᠦ ᠤᠷᠠᠯᠠᠯ᠂ | ᠲᠡᠤᠬᠡ ᠶᠢᠨ ᠡᠬᠢ ᠰᠤᠷᠪᠤᠯᠵᠢ ᠵᠢᠴᠢ ᠲᠤᠬᠠᠶ ᠶᠢᠨ ᠭᠠᠵᠠᠷ ᠤᠨ ᠸᠠᠭᠠᠷ ᠱᠠᠭᠠᠵᠠᠩ ᠤᠨ ᠰᠣᠶᠣᠯ ᠤᠨ ᠤᠯᠠᠮᠵᠢᠯᠠᠯ ᠤᠨ | ᠪᠠᠶᠢᠳᠠᠯ ᠢ ᠨᠠᠷᠢᠨ ᠣᠶᠢᠯᠠᠭᠠᠵᠤ᠂ ᠳᠤᠮᠳᠠᠳᠤ ᠤᠯᠤᠰ ᠤᠨ ᠤᠯᠠᠮᠵᠢᠯᠠᠯᠲᠤ ᠸᠠᠭᠠᠷ ᠱᠠᠭᠠᠵᠠᠩ ᠤᠨ ᠨᠠᠷᠢᠯᠢᠭ ᠤᠷᠠᠯᠠᠯ ᠪᠠ | ᠥᠪᠡᠷᠮᠢᠴᠡ ᠷᠢᠳᠢ ᠰᠢᠳᠢ ᠶᠢ ᠬᠠᠮᠲᠤ ᠪᠠᠷ ᠣᠶᠢᠯᠠᠭᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |