ᠴᠧᠩ ᠭᠤᠸᠠᠨ ᠪᠠᠯᠭᠠᠰᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/24
     7 ᠰᠠᠷ᠎ᠠ ᠶᠢᠨ 22 ᠤᠨ ᠡᠳᠦᠷ᠂ ᠴᠧᠩ ᠭᠤᠸᠠᠨ ᠵᠧᠨ ᠪᠠᠯᠭᠠᠰᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠪᠠ᠃      ᠪᠡᠯᠡᠳᠬᠡᠯ ᠬᠤᠷᠠᠯ᠂ ᠲᠡᠷᠢᠭᠦᠯᠡᠭᠴᠢᠳ ᠤᠨ ᠪᠦᠯᠬᠦᠮ ᠤᠨ ᠬᠤᠷᠠᠯ ᠵᠢᠴᠢ ᠪᠦᠬᠦᠳᠡ ᠬᠤᠷᠠᠯ ᠵᠡᠷᠭᠡ ᠠᠯᠢ ᠤᠯᠠᠨ ᠬᠤᠷᠠᠯ ᠤᠨ ᠶᠠᠪᠤᠴᠠ ᠪᠠᠷ ᠳᠠᠮᠵᠢᠭᠤᠯᠵᠤ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠬᠤᠳᠠ ᠶᠢᠨ ᠪᠣᠭᠤᠮᠲᠠ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠵᠥᠪᠯᠡᠵᠦ ᠶᠠᠷᠢᠯᠴᠠᠨ ᠪᠠᠲᠤᠯᠠᠪᠠ︔ ᠴᠧᠩ ᠭᠤᠸᠠᠨ ᠪᠠᠯᠭᠠᠰᠤ ᠶᠢᠨ 2023 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃      2023 ᠣᠨ ᠤ ᠳᠡᠭᠡᠷ᠎ᠡ ᠬᠠᠭᠠᠰ ᠵᠢᠯ ᠳᠤ᠂ ᠴᠧᠩ ᠭᠤᠸᠠᠨ ᠪᠠᠯᠭᠠᠰᠤ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠦᠢᠯᠡᠳᠦᠯᠭᠡᠵᠢᠭᠦᠯᠵᠡᠢ᠃ ᠪᠥᠬᠦ ᠪᠠᠯᠭᠠᠰᠤ ᠪᠠᠷ ᠢᠶᠠᠨ ᠨᠢᠭᠡᠨᠲᠡ 27 ᠬᠠᠮᠲᠤ ᠶᠢᠨ ᠠᠵᠤ ᠠᠬᠤᠶ ᠶᠢᠨ ᠵᠦᠢᠯᠡᠰ ᠢ ᠪᠠᠶᠢᠭᠤᠯᠵᠤ ᠂ 19 ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠪᠣᠯᠵᠣ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠡᠶᠢᠲᠡ ᠣᠷᠣᠯᠭ᠎ᠠ ᠨᠢ 1783.59 ᠲᠦᠮᠡᠨ ᠲᠥᠭᠦᠷᠢᠭ ᠲᠤ ᠬᠦᠷᠴᠡᠶ᠃ ᠪᠦᠬᠦ ᠪᠠᠯᠭᠠᠰᠤ ᠪᠠᠷ ᠢᠶᠠᠨ ᠠᠷᠠᠳ ᠤᠨ ᠠᠮᠢᠳᠤᠷᠠᠯ ᠠᠷᠠᠳ ᠤᠨ ᠪᠠᠶᠢᠳᠠᠯ ᠢ ᠢᠳᠡᠪᠬᠢᠲᠡᠢ ᠠᠩᠬᠠᠷᠴᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠳᠠᠭᠠᠳᠬᠠᠯ ᠳᠤ 4786 ᠬᠥᠮᠦᠨ ᠣᠷᠣᠯᠴᠠᠵᠠᠢ᠃ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ᠂ ᠬᠢᠨᠠᠨ ᠰᠢᠯᠭᠠᠬᠤ ᠡᠲᠡᠭᠡᠳ ᠤᠨ ᠡᠮ ᠡᠮᠨᠡᠯᠭᠡ ᠶᠢᠨ ᠳᠠᠭᠠᠳᠬᠠᠯ ᠳᠤ 2264 ᠬᠥᠮᠦᠨ ᠳᠤ ᠨᠥᠬᠦᠪᠥᠷᠢ ᠥᠭᠴᠦ᠂ ᠨᠥᠬᠦᠪᠥᠷᠢ ᠮᠥᠩᠭᠦ ᠨᠢ 42.8 ᠲᠦᠮᠡᠨ ᠲᠥᠭᠦᠷᠢᠭ ᠲᠤ ᠬᠦᠷᠴᠡᠶ᠃ 22 ᠬᠥᠮᠦᠨ ᠳᠤ ᠬᠠᠪᠤᠷ ᠤᠨ ᠤᠯᠠᠷᠢᠯ ᠤᠨ ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ ᠪᠠᠷ 3 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3