ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ | ᠠᠮᠤᠷ ᠲᠦᠪᠰᠢᠨ ᠲᠠᠢ ᠬᠤᠯᠪᠣᠭᠳᠠᠨ᠎ᠠ᠃ ᠰᠢᠩ ᠡᡁᠧ ᠰᠢᠶᠠᠨ ᠤ ᠬᠢᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠦᠷᠪᠡᠨ ᠬᠠᠮᠤᠭ ᠤᠨ ᠴᠢᠩᠭ᠎ᠠ︾ ᠶᠢᠨ | ᠱᠠᠭᠠᠷᠳᠠᠯᠭ᠎ᠠ ᠶᠣᠰᠣᠭᠠᠷ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠥᠷᠭᠡᠨ ᠤᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ | ᠪᠠᠲᠤᠯᠠᠪᠠ᠃ | ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠡᠨᠡ ᠵᠢᠯ ᠠᠴᠠ ᠨᠠᠰᠢ᠂ ᠰᠢᠩ ᠾᠧ ᠰᠢᠶᠠᠨ ᠤ ᠬᠢᠨ ᠠᠷᠠᠳ ᠣᠯᠠᠨ ᠤ ᠬᠠᠮᠤᠭ ᠤᠨ ᠰᠡᠷᠭᠡᠭ᠂ | ᠬᠠᠮᠤᠭ ᠤᠨ ᠴᠢᠩᠭ᠎ᠠ ᠲᠤᠰᠬᠠᠯ ᠲᠠᠢ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠴᠢᠩᠭ᠎ᠠ | ᠠᠩᠬᠠᠷᠴᠤ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ | ᠰᠤᠷᠭᠠᠭᠤᠯᠢ ᠶᠢᠨ ᠬᠤᠭᠤᠯᠠᠨ ᠭᠡᠷ᠂ ᠠᠷᠢᠬᠢᠨ ᠤ ᠵᠦᠢᠯ ᠤᠨ ᠦᠢᠯᠡᠳᠬᠦᠨ᠂ ᠰᠤᠷᠭᠠᠭᠤᠯᠢ ᠶᠢᠨ ᠬᠦᠷᠢᠶ᠎ᠡ ᠵᠢᠴᠢ | ᠡᠷᠬᠢᠨ ᠲᠣᠭᠤᠷᠢᠨ ᠤ ᠢᠳᠡᠭᠡᠨ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠲᠤᠰᠬᠠᠶ ᠵᠠᠰᠠᠯᠲᠠ ᠶᠢ ᠭᠦᠨᠵᠡᠭᠡᠶ ᠥᠷᠨᠢᠭᠦᠯᠵᠦ᠂ ᠢᠳᠡᠭᠡᠨ ᠤ | ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠢᠳᠡᠭᠡᠨ ᠤ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠢᠷᠡᠯᠳᠡ ᠲᠠᠢ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ | ᠰᠡᠷᠭᠡᠶᠢᠯᠡᠨ ᠬᠢᠵᠠᠭᠠᠷᠯᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ | 15 ᠤᠳᠠᠭ᠎ᠠ ᠥᠷᠨᠢᠭᠦᠯᠵᠦ᠂ ᠢᠳᠡᠭᠡᠨ ᠤ ᠵᠦᠢᠯ ᠢ 210 ᠤᠳᠠᠭ᠎ᠠ ᠰᠤᠭᠤᠯᠤᠨ ᠪᠠᠶᠢᠴᠠᠭᠠᠵᠤ᠂ ᠡᠵᠡᠩᠨᠡᠯᠲᠡ ᠨᠢ | ᠵᠢᠷᠤᠮᠵᠢᠯ ᠥᠬᠡᠶ 8 ᠠᠵᠢᠯᠯᠠᠭ᠎ᠠ ᠶᠢ ᠰᠢᠢᠳᠪᠦᠷᠢᠯᠡᠵᠦ᠂ ᠢᠳᠡᠭᠡᠨ ᠤ ᠵᠦᠢᠯ ᠤᠨ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠥᠬᠡᠶ 11 ᠪᠦᠯᠦᠭ ᠤᠳᠠᠭ᠎ᠠ ᠶᠢᠨ 6 ᠠᠵᠤ ᠠᠬᠤᠶᠢᠯᠠᠯ ᠢ ᠬᠠᠤᠯᠢ ᠶᠣᠰᠣᠭᠠᠷ ᠰᠢᠢᠳᠪᠦᠷᠢᠯᠡᠪᠡ᠃ | ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ | ᠃ ᠨᠢᠭᠡ ᠳᠤ᠂ ᠭᠤᠣᠯᠳᠠᠯᠭ᠎ᠠ ᠲᠠᠢ ᠬᠦᠷᠢᠶ᠎ᠡ ᠶᠢ ᠳᠤᠪᠤᠶᠢᠯᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ | ᠲᠠᠯ᠎ᠠ ᠪᠠᠷᠰᠢᠩ ᠡᡁᠧ ᠰᠢᠶᠠᠨ ᠤ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠵᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ | ᠬᠡᠮᠵᠢᠶ᠎ᠡ ᠪᠠᠷ ᠶᠡᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠤᠰᠬᠠᠯ ᠤᠯᠠᠨ᠂ ᠤᠯᠠᠨ ᠲᠦᠮᠡᠨ ᠤ ᠳᠤᠰᠬᠠᠯ ᠴᠢᠩᠭ᠎ᠠ | ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠪᠠ᠃ ᠴᠠᠭᠠᠨ ᠰᠠᠷ᠎ᠠ᠂ | ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠴᠢᠬᠤᠯᠠ ᠴᠠᠭ | ᠬᠤᠭᠤᠴᠠᠭ᠎ᠠ ᠶᠢ ᠲᠤᠪᠤᠶᠢᠯᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠠᠬᠤᠶᠢᠯᠠᠯ᠂ | ᠭᠤᠣᠯᠳᠠᠯᠭ᠎ᠠ ᠲᠠᠢ ᠲᠦᠷᠦᠯ ᠵᠦᠢᠯ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠢᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ ᠣᠲᠣ | ᠪᠣᠯᠲᠠᠯ᠎ᠠ᠂ ᠢᠳᠡᠭᠡᠨ ᠤᠵᠦ᠋ᠢᠯ ᠤᠨ ᠠᠰᠠᠭᠤᠳᠠᠯ ᠤᠨ ᠲᠤᠬᠠᠶ ᠨᠡᠶᠢᠲᠡ 14 ᠵᠠᠭᠠᠯᠳᠤᠯᠭ᠎ᠠ ᠶᠢ ᠭᠥᠯᠢᠶᠡᠨ ᠠᠪᠴᠤ᠂ | ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠨᠡᠶᠢᠲᠡ 220 ᠵᠤᠷᠪᠤᠰ ᠳᠠᠷᠠᠭᠠᠯᠠᠨ ᠪᠠᠶᠢᠴᠠᠭᠠᠪᠠ᠃ | ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠨᠡᠶᠢᠲᠡᠯᠢᠭ ᠴᠢᠨᠠᠷ ᠢᠶᠠᠷ ᠲᠣᠪᠤᠶᠢᠮ᠎ᠠ ᠠᠶᠤᠯ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠭᠠᠷᠭᠠᠬᠤ ᠳᠤ ᠴᠢᠭᠯᠡᠭᠦᠯᠦᠨ᠂ ᠠᠶᠤᠯ ᠲᠦᠭᠰᠢᠭᠦᠷᠢ ᠶᠢᠨ | ᠳᠠᠯᠳᠠ ᠬᠡᠮ ᠤᠨ ᠡᠭᠦᠰᠦᠭᠰᠡᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠡᠪᠡᠳᠴᠢᠨ ᠳᠤᠨᠢ ᠲᠠᠭᠠᠷᠠᠭᠤᠯᠤᠨ | ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ | ᠡᠭᠦᠨ ᠤ ᠬᠠᠮᠲᠤ ︽ᠡᠷᠬᠢᠨ ᠬᠠᠷᠠᠬᠤ︾ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠡᠮᠦᠨᠡᠬᠢ | ᠬᠤᠭᠤᠴᠠᠭᠠᠨ ᠤ ᠵᠢᠭᠰᠠᠭᠠᠨ ᠪᠠᠶᠢᠴᠠᠭᠠᠯᠲᠠ ᠶᠢᠨ ᠲᠦᠭᠰᠢᠭᠦᠷᠢ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠣᠳᠣᠬᠠᠨ ᠳᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠨᠢᠭᠡᠨᠲᠡ ᠪᠦᠬᠦᠨ ᠢ | ᠰᠢᠢᠳᠪᠦᠷᠢᠯᠡᠵᠦ ᠳᠠᠭᠤᠰᠬᠠᠭᠠᠳ᠂ ᠰᠢᠢᠳᠪᠦᠷᠢᠯᠡᠭᠰᠡᠨ ᠨᠣᠷᠮ᠎ᠠ ᠨᠢ 100% ᠳᠤ ᠬᠥᠷᠪᠡ᠃ ᠭᠤᠷᠪᠠ ᠳᠤ᠂ | ᠭᠦᠢᠯᠭᠡᠭᠡᠨ ᠤ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠠᠯᠬᠢᠨ ᠤ | ᠡᠵᠡᠮᠳᠡᠯ ᠤᠨ ᠲᠠᠪᠴᠠᠩ︾ ᠳᠤ ᠣᠷᠣᠵᠤ ᠰᠠᠭᠤᠬᠤ ᠶᠢ ᠣᠷᠣᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ | ᠃ ᠣᠲᠣ ᠪᠣᠯᠲᠠᠯ᠎ᠠ᠂ 701 ᠢᠳᠡᠭᠡᠨ ᠤ ᠠᠵᠤ ᠠᠬᠤᠶᠢᠯᠠᠯ ᠳᠤ ᠣᠷᠣᠵᠤ ᠰᠠᠭᠤᠭᠠᠳ᠂ ᠬᠢᠨᠠᠯᠲᠠ ᠲᠠᠯᠪᠢᠵᠤ | ᠪᠠᠶᠢᠴᠠᠭᠠᠭᠰᠠᠨ ᠨᠣᠷᠮ᠎ᠠ ᠨᠢ 100% ᠳᠤ ᠬᠥᠷᠪᠡ᠃ ᠲᠦᠷᠪᠡ ᠳᠤ᠂ ︽ᠢᠯᠡ ᠲᠣᠭᠤᠭᠠᠨ ᠭᠡᠷ ᠤᠨ | ᠭᠡᠷᠡᠯᠲᠦᠭᠦᠯᠭᠡ︾ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ 21 ᠳᠤᠮᠳᠠᠳᠤ ᠪᠠᠭ᠎ᠠ | ᠰᠤᠷᠭᠠᠭᠤᠯᠢ᠂ 2 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ 7 ᠲᠤᠮᠤ ᠳᠤᠮᠳᠠ ᠬᠡᠯᠪᠡᠷᠢ ᠶᠢᠨ ᠢᠳᠡᠭᠡᠨ | ᠤᠮᠳᠠᠭᠠᠨ ᠤ ᠠᠵᠢᠯ ᠡᠷᠬᠢᠯᠡᠬᠦ ᠨᠢᠭᠡᠴᠢ ᠳᠤ ᠴᠥᠮ ︽ᠢᠯᠡ ᠲᠣᠭᠤᠭᠠᠨ ᠭᠡᠷ ᠤᠨ ᠭᠡᠷᠡᠯᠲᠦᠭᠦᠯᠭᠡ︾ ᠶᠢᠨ | ᠬᠠᠮᠢᠶᠠᠷᠤᠯᠲᠠ ᠶᠢ ᠬᠡᠷᠡᠭᠵᠢᠭᠦᠯᠪᠡ᠃ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠨᠢᠭᠡ ᠳᠤ᠂ ᠵᠢᠵᠢᠭ ᠪᠦᠷᠢᠶ᠎ᠡ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ LED ᠳᠡᠯᠭᠡᠴᠡ᠂ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ | ᠤᠬᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠳᠤ | ᠠᠩᠬᠠᠷᠤᠯ ᠲᠠᠯᠪᠢᠭᠤᠯᠵᠤ᠂ ᠠᠮᠤ ᠪᠤᠳᠠᠭ᠎ᠠ ᠪᠠᠨ ᠬᠠᠶᠢᠷᠠᠯᠠᠵᠤ ᠠᠮᠤ ᠪᠤᠳᠠᠭ᠎ᠠ ᠪᠠᠨ ᠠᠷᠪᠢᠯᠠᠬᠤ᠂ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ ᠤᠬᠠᠮᠰᠠᠷ ᠢ ᠪᠣᠶ ᠪᠣᠯᠭᠠᠵᠤ᠂ ᠢᠳᠡᠭᠡᠨ ᠤ ᠠᠮᠤᠷ ᠲᠦᠪᠰᠢᠨ ᠢ ᠬᠠᠮᠠᠭᠠᠯᠠᠬᠤ | ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ 1000 ᠭᠠᠷᠤᠢ ᠬᠤᠪᠢ | ᠤᠬᠠᠭᠤᠯᠭ᠎ᠠ ᠶᠢᠨ ᠵᠠᠷᠯᠠᠯ ᠨᠠᠭᠠᠵᠤ᠂ 56 ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠵᠣᠬᠢᠶᠠᠵᠤ᠂ 41 | ᠤᠳᠠᠭ᠎ᠠ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠵᠡᠢ᠃ ᠬᠤᠶᠠᠷ ᠲᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠤᠨ ᠲᠣᠭᠲᠠᠮᠠᠯ ᠬᠤᠷᠠᠯ᠂ ᠢᠳᠡᠭᠡᠨ ᠤ ᠠᠮᠤᠷ ᠲᠦᠪᠰᠢᠨ ᠤ ᠠᠵᠢᠯ ᠤᠨ ᠪᠣᠯᠪᠠᠰᠤᠷᠠᠭᠤᠯᠤᠯ ᠤᠨ | ᠬᠤᠷᠠᠯ ᠵᠡᠷᠭᠡ ᠲᠠᠢ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ | ᠥᠷᠨᠢᠭᠦᠯᠵᠦ᠂ ᠺᠠᠳ᠋ᠷ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠤᠷ ᠲᠦᠪᠰᠢᠨ ᠢᠶᠠᠷ ᠡᠵᠡᠩᠨᠡᠬᠦ ᠦᠵᠡᠯ | ᠤᠬᠠᠮᠰᠠᠷ ᠢ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠢ ᠬᠥᠮᠦᠨ ᠪᠣᠯᠭᠠᠨ ᠮᠡᠳᠡᠵᠦ᠂ ᠬᠥᠮᠦᠨ ᠪᠣᠯᠭᠠᠨ | ᠴᠢᠬᠤᠯᠠᠴᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠡᠷᠦᠬᠡ ᠳᠤ ᠤᠷᠤᠭᠰᠠᠨ ᠠᠵᠤ ᠠᠬᠤᠶᠢᠯᠠᠯ ᠢ | ᠢᠳᠡᠪᠬᠢᠲᠡᠶ ᠰᠤᠷᠪᠤᠯᠵᠢᠯᠠᠵᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠵᠢᠴᠢ ᠠᠵᠢᠯ ᠡᠷᠭᠢᠯᠡᠭᠰᠡᠳ ᠤᠨ ᠬᠠᠤᠯᠢ ᠰᠤᠷᠬᠤ᠂ | ᠬᠠᠤᠯᠢ ᠰᠠᠬᠢᠬᠤ ᠶᠢ ᠰᠢᠮᠳᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠪᠦᠬᠦᠨ ᠣᠷᠣᠯᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |