ᠮᠠᠨ ᠤ ᠰᠢᠶᠠᠨ ᠣᠯᠠᠨ ᠠᠷᠭ᠎ᠠ ᠬᠡᠮᠵᠢᠶ᠎ᠡ ᠠᠪᠴᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/7/25
   ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃ ᠰᠢᠩ ᠡᡁᠧ ᠰᠢᠶᠠᠨ ᠤ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠦᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠣᠰᠣᠭᠠᠷ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠥᠷᠭᠡᠨ ᠤᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠪᠠ᠃      ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠨᠡ ᠵᠢᠯ ᠠᠴᠠ ᠨᠠᠰᠢ᠂ ᠰᠢᠩ ᠾᠧ ᠰᠢᠶᠠᠨ ᠤ ᠬᠢᠨ ᠠᠷᠠᠳ ᠣᠯᠠᠨ ᠤ ᠬᠠᠮᠤᠭ ᠤᠨ ᠰᠡᠷᠭᠡᠭ᠂ ᠬᠠᠮᠤᠭ ᠤᠨ ᠴᠢᠩᠭ᠎ᠠ ᠲᠤᠰᠬᠠᠯ ᠲᠠᠢ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠷᠭᠠᠭᠤᠯᠢ ᠶᠢᠨ ᠬᠤᠭᠤᠯᠠᠨ ᠭᠡᠷ᠂ ᠠᠷᠢᠬᠢᠨ ᠤ ᠵᠦᠢᠯ ᠤᠨ ᠦᠢᠯᠡᠳᠬᠦᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠲᠤᠰᠬᠠᠶ ᠵᠠᠰᠠᠯᠲᠠ ᠶᠢ ᠭᠦᠨᠵᠡᠭᠡᠶ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ᠂ ᠢᠳᠡᠭᠡᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠢᠷᠡᠯᠳᠡ ᠲᠠᠢ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ ᠢᠳᠡᠭᠡᠨ ᠤ ᠵᠦᠢᠯ ᠢ 210 ᠤᠳᠠᠭ᠎ᠠ ᠰᠤᠭᠤᠯᠤᠨ ᠪᠠᠶᠢᠴᠠᠭᠠᠵᠤ᠂ ᠡᠵᠡᠩᠨᠡᠯᠲᠡ ᠨᠢ ᠵᠢᠷᠤᠮᠵᠢᠯ ᠥᠬᠡᠶ 8 ᠠᠵᠢᠯᠯᠠᠭ᠎ᠠ ᠶᠢ ᠰᠢᠢᠳᠪᠦᠷᠢᠯᠡᠵᠦ᠂ ᠢᠳᠡᠭᠡᠨ ᠤ ᠵᠦᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ 11 ᠪᠦᠯᠦᠭ ᠤᠳᠠᠭ᠎ᠠ ᠶᠢᠨ 6 ᠠᠵᠤ ᠠᠬᠤᠶᠢᠯᠠᠯ ᠢ ᠬᠠᠤᠯᠢ ᠶᠣᠰᠣᠭᠠᠷ  ᠰᠢᠢᠳᠪᠦᠷᠢᠯᠡᠪᠡ᠃      ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ ᠃ ᠨᠢᠭᠡ ᠳᠤ᠂ ᠭᠤᠣᠯᠳᠠᠯᠭ᠎ᠠ ᠲᠠᠢ ᠬᠦᠷᠢᠶ᠎ᠡ ᠶᠢ ᠳᠤᠪᠤᠶᠢᠯᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷᠰᠢᠩ ᠡᡁᠧ ᠰᠢᠶᠠᠨ ᠤ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠵᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠶᠡᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠤᠰᠬᠠᠯ ᠤᠯᠠᠨ᠂ ᠤᠯᠠᠨ ᠲᠦᠮᠡᠨ ᠤ ᠳᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠪᠠ᠃ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠴᠢᠬᠤᠯᠠ ᠴᠠᠭ ᠬᠤᠭᠤᠴᠠᠭ᠎ᠠ ᠶᠢ ᠲᠤᠪᠤᠶᠢᠯᠭᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠢᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ ᠣᠲᠣ ᠪᠣᠯᠲᠠᠯ᠎ᠠ᠂ ᠢᠳᠡᠭᠡᠨ ‍ᠤ‌ᠵᠦ᠋ᠢᠯ ᠤᠨ ᠠᠰᠠᠭᠤᠳᠠᠯ ᠤᠨ ᠲᠤᠬᠠᠶ ᠨᠡᠶᠢᠲᠡ 14 ᠵᠠᠭᠠᠯᠳᠤᠯᠭ᠎ᠠ ᠶᠢ ᠭᠥᠯᠢᠶᠡᠨ ᠠᠪᠴᠤ᠂ ᠢᠳᠡᠭᠡᠨ ᠤ  ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠨᠡᠶᠢᠲᠡ 220 ᠵᠤᠷᠪᠤᠰ ᠳᠠᠷᠠᠭᠠᠯᠠᠨ ᠪᠠᠶᠢᠴᠠᠭᠠᠪᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠨᠡᠶᠢᠲᠡᠯᠢᠭ ᠴᠢᠨᠠᠷ ᠢᠶᠠᠷ ᠲᠣᠪᠤᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠭᠠᠷᠭᠠᠬᠤ ᠳᠤ ᠴᠢᠭᠯᠡᠭᠦᠯᠦᠨ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠡᠭᠦᠰᠦᠭᠰᠡᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠡᠪᠡᠳᠴᠢᠨ ᠳᠤᠨᠢ ᠲᠠᠭᠠᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ︽ᠡᠷᠬᠢᠨ ᠬᠠᠷᠠᠬᠤ︾ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠯᠲᠠ ᠶᠢᠨ ᠲᠦᠭᠰᠢᠭᠦᠷᠢ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠳᠣᠬᠠᠨ ᠳᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠨᠢᠭᠡᠨᠲᠡ ᠪᠦᠬᠦᠨ ᠢ  ᠰᠢᠢᠳᠪᠦᠷᠢᠯᠡᠵᠦ ᠳᠠᠭᠤᠰᠬᠠᠭᠠᠳ᠂ ᠰᠢᠢᠳᠪᠦᠷᠢᠯᠡᠭᠰᠡᠨ ᠨᠣᠷᠮ᠎ᠠ ᠨᠢ 100% ᠳᠤ ᠬᠥᠷᠪᠡ᠃ ᠭᠤᠷᠪᠠ ᠳᠤ᠂ ᠭᠦᠢᠯᠭᠡᠭᠡᠨ ᠤ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠠᠯᠬᠢᠨ ᠤ ᠡᠵᠡᠮᠳᠡᠯ ᠤᠨ ᠲᠠᠪᠴᠠᠩ︾ ᠳᠤ ᠣᠷᠣᠵᠤ ᠰᠠᠭᠤᠬᠤ ᠶᠢ ᠣᠷᠣᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃ ᠣᠲᠣ ᠪᠣᠯᠲᠠᠯ᠎ᠠ᠂ 701 ᠢᠳᠡᠭᠡᠨ ᠤ ᠠᠵᠤ ᠠᠬᠤᠶᠢᠯᠠᠯ ᠳᠤ ᠣᠷᠣᠵᠤ ᠰᠠᠭᠤᠭᠠᠳ᠂ ᠬᠢᠨᠠᠯᠲᠠ ᠲᠠᠯᠪᠢᠵᠤ ᠪᠠᠶᠢᠴᠠᠭᠠᠭᠰᠠᠨ ᠨᠣᠷᠮ᠎ᠠ ᠨᠢ 100% ᠳᠤ ᠬᠥᠷᠪᠡ᠃ ᠲᠦᠷᠪᠡ ᠳᠤ᠂ ︽ᠢᠯᠡ ᠲᠣᠭᠤᠭᠠᠨ ᠭᠡᠷ ᠤᠨ ᠭᠡᠷᠡᠯᠲᠦᠭᠦᠯᠭᠡ︾ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ 21 ᠳᠤᠮᠳᠠᠳᠤ ᠪᠠᠭ᠎ᠠ ᠰᠤᠷᠭᠠᠭᠤᠯᠢ᠂ 2 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ 7 ᠲᠤᠮᠤ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠠᠵᠢᠯ ᠡᠷᠬᠢᠯᠡᠬᠦ ᠨᠢᠭᠡᠴᠢ ᠳᠤ ᠴᠥᠮ ︽ᠢᠯᠡ ᠲᠣᠭᠤᠭᠠᠨ ᠭᠡᠷ ᠤᠨ ᠭᠡᠷᠡᠯᠲᠦᠭᠦᠯᠭᠡ︾ ᠶᠢᠨ ᠬᠠᠮᠢᠶᠠᠷᠤᠯᠲᠠ ᠶᠢ ᠬᠡᠷᠡᠭᠵᠢᠭᠦᠯᠪᠡ᠃      ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠨᠢᠭᠡ ᠳᠤ᠂ ᠵᠢᠵᠢᠭ ᠪᠦᠷᠢᠶ᠎ᠡ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ LED ᠳᠡᠯᠭᠡᠴᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠳᠤ ᠠᠩᠬᠠᠷᠤᠯ ᠲᠠᠯᠪᠢᠭᠤᠯᠵᠤ᠂ ᠠᠮᠤ ᠪᠤᠳᠠᠭ᠎ᠠ ᠪᠠᠨ ᠬᠠᠶᠢᠷᠠᠯᠠᠵᠤ ᠠᠮᠤ ᠪᠤᠳᠠᠭ᠎ᠠ ᠪᠠᠨ ᠠᠷᠪᠢᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠬᠠᠮᠰᠠᠷ ᠢ ᠪᠣᠶ ᠪᠣᠯᠭᠠᠵᠤ᠂ ᠢᠳᠡᠭᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ 1000 ᠭᠠᠷᠤᠢ ᠬᠤᠪᠢ ᠤᠬᠠᠭᠤᠯᠭ᠎ᠠ ᠶᠢᠨ ᠵᠠᠷᠯᠠᠯ ᠨᠠᠭᠠᠵᠤ᠂ 56 ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠵᠣᠬᠢᠶᠠᠵᠤ᠂ 41 ᠤᠳᠠᠭ᠎ᠠ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠵᠡᠢ᠃ ᠬᠤᠶᠠᠷ ᠲᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠲᠣᠭᠲᠠᠮᠠᠯ ᠬᠤᠷᠠᠯ᠂ ᠢᠳᠡᠭᠡᠨ ᠤ ᠠᠮᠤᠷ ᠲᠦᠪᠰᠢᠨ ᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠡᠷᠭᠡ ᠲᠠᠢ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠺᠠᠳ᠋ᠷ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠤᠷ ᠲᠦᠪᠰᠢᠨ ᠢᠶᠠᠷ ᠡᠵᠡᠩᠨᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠢ ᠬᠥᠮᠦᠨ ᠪᠣᠯᠭᠠᠨ ᠮᠡᠳᠡᠵᠦ᠂ ᠬᠥᠮᠦᠨ ᠪᠣᠯᠭᠠᠨ ᠴᠢᠬᠤᠯᠠᠴᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠡᠷᠦᠬᠡ ᠳᠤ ᠤᠷᠤᠭᠰᠠᠨ ᠠᠵᠤ ᠠᠬᠤᠶᠢᠯᠠᠯ ᠢ ᠢᠳᠡᠪᠬᠢᠲᠡᠶ ᠰᠤᠷᠪᠤᠯᠵᠢᠯᠠᠵᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠵᠢᠴᠢ ᠠᠵᠢᠯ ᠡᠷᠭᠢᠯᠡᠭᠰᠡᠳ ᠤᠨ ᠬᠠᠤᠯᠢ ᠰᠤᠷᠬᠤ᠂ ᠬᠠᠤᠯᠢ ᠰᠠᠬᠢᠬᠤ ᠶᠢ ᠰᠢᠮᠳᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠪᠦᠬᠦᠨ ᠣᠷᠣᠯᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3