ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ ᠶᠤᠮ᠃ 7 | ᠰᠠᠷ᠎ᠠ ᠶᠢᠨ 25 ᠤ ᠡᠳᠦᠷ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠬᠤᠷᠢᠶ᠎ᠠ | ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠵᠢᠴᠢ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠨᠢ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ | ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ᠳᠤ ᠲᠠᠶᠢᠯᠤᠮᠵᠢ ᠬᠢᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨᠤᠯ ᠤᠨ ᠮᠡᠳᠡᠯᠭᠡ ᠶᠢᠨ ᠰᠢᠯᠭᠠᠯᠲᠠ ᠶᠢ ᠪᠠᠲᠤ ᠪᠠᠬᠢ ᠪᠤᠢ ᠪᠣᠯᠭᠠᠪᠠ᠃ | ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠦᠬᠦ ᠨᠠᠮ ᠤᠨ ᠭᠡᠰᠢᠭᠦᠳ ᠲᠤ ᠰᠢ ᠶᠢᠨ ᠫᠢᠩ ᠶᠡᠷᠦᠩᠬᠡᠶ | ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ | ᠪᠠᠶᠠᠯᠢᠭ ᠠᠭᠤᠯᠬᠤᠨ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠤᠯᠠᠨ ᠢᠶᠠᠷ ᠢᠶᠠᠨ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢᠨ ᠡᠷᠡᠰ ᠬᠦᠷᠢᠶᠡᠯᠡᠭᠴᠢ᠂ ᠦᠢᠯᠡᠳᠦᠯᠭᠡᠵᠢᠭᠦᠯᠦᠭᠴᠢ ᠪᠠ ᠤᠯᠠᠮᠵᠢᠯᠠᠭᠴᠢ ᠪᠤᠯᠵᠤ᠂ ᠦᠨᠳᠦᠰᠦᠲᠡᠨ ᠤ | ᠪᠦᠯᠬᠦᠮᠳᠡᠯ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠤᠴᠢᠶᠡ ᠶᠢᠨ ᠨᠠᠮ ᠤᠨ ᠬᠤᠷᠢᠶ᠎ᠡ | ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠵᠢᠴᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |