ᠮᠠᠨ ᠤ ᠰᠢᠶᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ ᠤᠨ  ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2023/7/26
     ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠭᠦᠯ ᠮᠡᠨᠳᠦ ᠨᠠᠰᠤᠵᠢᠯᠲᠠ ᠶᠢᠨ ᠲᠥᠯᠥᠪᠵᠢᠭᠦᠯᠭᠡ︾ ︽ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾᠂ ︽ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠤᠰ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠳᠠᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ 7 ᠰᠠᠷ᠎ᠠ ᠶᠢᠨ 24 ᠤ ᠡᠳᠦᠷ᠂ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠩ ᠾᠧ ᠰᠢᠶᠠᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠰᠢᠩ ᠾᠧ ᠰᠢᠶᠠᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠵᠤ ᠨᠠᠰᠤᠲᠠᠶᠢᠴᠤᠳ ᠤᠨ ᠡᠷᠡᠭᠦᠯ ᠮᠡᠨᠳᠦ ᠳᠤ ᠬᠦᠴᠦ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠭᠰᠠᠨ ᠡᠷᠡᠭᠦᠯ ᠮᠡᠨᠳᠦ ᠶᠢᠨ ᠤᠬᠠᠭᠤᠯᠭ᠎ᠠ ᠶᠢᠨ  ᠬᠦᠳᠡᠯᠭᠡᠭᠨ‌ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠬᠥᠨᠳᠡᠯᠡᠨ ᠪᠢᠴᠢᠭᠡᠰᠦ ᠡᠯᠭᠦᠬᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠣᠨᠴᠠᠯᠢᠭ ᠲᠤ ᠴᠢᠭᠯᠡᠭᠦᠯᠦᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠰᠢᠮ᠎ᠡ ᠲᠡᠵᠢᠭᠡᠯᠲᠦ ᠢᠳᠡᠭᠡᠨ ᠤᠮᠳᠠᠭᠠᠨ᠂ ᠰᠡᠳᠬᠢᠴᠡ ᠶᠢᠨ ᠡᠷᠡᠭᠦᠯ ᠮᠡᠨᠳᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠵᠦᠢ ᠵᠣᠬᠢᠰᠲᠠᠢ ᠪᠠᠷ ᠡᠮ ᠬᠡᠷᠡᠭᠯᠡᠬᠦ ᠪᠠ ᠬᠢᠲᠠᠳ ᠡᠮᠨᠡᠯᠭᠡ ᠶᠢᠨ ᠡᠷᠡᠭᠦᠯᠵᠢᠯ ᠵᠡᠷᠭᠡ ᠠᠭᠤᠯᠭ᠎ᠠ ᠶᠢᠨ ᠲᠣᠭᠤᠷᠢᠨ ᠳᠤ᠂ ᠤᠯᠠᠨ ᠲᠦᠮᠡᠨ ᠳᠤ ᠡᠷᠡᠭᠦᠯ ᠮᠡᠨᠳᠤ ᠶᠢᠨ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠡᠷᠡᠭᠦᠯ ᠮᠡᠨᠳᠤ ᠶᠢᠨ ᠮᠡᠳᠡᠯᠭᠡ ᠶᠢ ᠤᠬᠠᠭᠤᠯᠵᠤ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨᠴᠢ ᠠᠷᠭ᠎ᠠ ᠬᠡᠯᠪᠡᠷᠢ ᠪᠠᠷ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠪᠠᠰᠠ ᠤᠯᠠᠨ ᠲᠦᠮᠡᠨ ᠳᠤ ᠲᠠᠢ ᠵᠢᠢ ᠨᠢᠳᠤᠷᠭ᠎ᠠ᠂ ᠪᠠ ᠳ᠋ᠤᠸᠠᠨ ᠶᠢᠨ᠂ ᠲᠠᠪᠤᠨ ᠵᠢᠭᠦᠷᠲᠡᠨ ᠤ ᠰᠢ ᠵᠡᠷᠭᠡ ᠬᠢᠲᠠᠳ ᠡᠮᠨᠡᠯᠭᠡ ᠶᠢᠨ ᠤᠯᠠᠮᠵᠢᠯᠠᠯᠲᠤ ᠬᠥᠳᠡᠯᠭᠡᠭᠡᠨ ᠤ ᠲᠦᠷᠦᠯ ᠵᠦᠢᠯ ᠢ ᠳᠡᠯᠭᠡᠷᠡᠭᠦᠯᠵᠡᠢ᠃      ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠢᠳᠡᠪᠬᠢᠲᠡᠶ ᠰᠠᠨᠠᠭᠠᠴᠢᠯᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠰᠠᠭᠤᠳᠠᠯ ᠢ ᠠᠩᠬᠠᠷᠴᠤ᠂ ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ ᠥᠷᠭᠡᠨ ᠣᠯᠠᠨ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3