ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠵᠢᠴᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/26
      ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ ᠶᠤᠮ᠃ 7 ᠰᠠᠷ᠎ᠠ ᠶᠢᠨ 25 ᠤ ᠡᠳᠦᠷ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠨᠢ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠳᠤ ᠲᠠᠶᠢᠯᠤᠮᠵᠢ ᠬᠢᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨᠤᠯ ᠤᠨ ᠮᠡᠳᠡᠯᠭᠡ ᠶᠢᠨ ᠰᠢᠯᠭᠠᠯᠲᠠ ᠶᠢ ᠪᠠᠲᠤ ᠪᠠᠬᠢ ᠪᠤᠢ ᠪᠣᠯᠭᠠᠪᠠ᠃      ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠦᠬᠦ ᠨᠠᠮ ᠤᠨ ᠭᠡᠰᠢᠭᠦᠳ ᠲᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠬᠤᠨ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠠᠨ ᠢᠶᠠᠷ ᠢᠶᠠᠨ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠡᠷᠡᠰ ᠬᠦᠷᠢᠶᠡᠯᠡᠭᠴᠢ᠂ ᠦᠢᠯᠡᠳᠦᠯᠭᠡᠵᠢᠭᠦᠯᠦᠭᠴᠢ ᠪᠠ ᠤᠯᠠᠮᠵᠢᠯᠠᠭᠴᠢ ᠪᠤᠯᠵᠤ᠂ ᠦᠨᠳᠦᠰᠦᠲᠡᠨ ᠤ ᠪᠦᠯᠬᠦᠮᠳᠡᠯ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠤᠴᠢᠶ᠎ᠡ ᠶᠢᠨ ᠨᠠᠮ ᠤᠨ ᠬᠤᠷᠢᠶ᠎ᠡ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠵᠢᠴᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3