7 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠳᠤ ᠣᠷᠣᠯᠴᠠᠭᠰᠠᠨ ᠰᠢᠶᠠᠨ ᠤ ᠨᠠᠮ ᠤᠨ ᠬᠤᠷᠢᠶᠠᠨ ᠤ ᠭᠡᠰᠢᠭᠦᠨ᠂ | ᠣᠷᠣᠯᠠᠭᠴᠢ ᠭᠡᠰᠢᠭᠦᠨ ᠪᠣᠯᠤᠨ ᠰᠤᠯᠠ ᠣᠷᠣᠯᠴᠠᠭᠰᠠᠳ ᠳᠤᠭᠤᠶᠢᠯᠠᠩ ᠬᠤᠪᠢᠶᠠᠨ ᠶᠠᠷᠢᠯᠴᠠᠪᠠ᠃ | ᠴᠧᠩ ᠭᠤᠸᠠᠨ ᠵᠧᠨ ᠪᠠᠯᠭᠠᠰᠤᠨ ᠤ ᠶᠠᠷᠢᠯᠴᠠᠬᠤ ᠳᠤᠭᠤᠶᠢᠯᠠᠩ ᠤᠨ ᠬᠢᠨ ᠸᠠᠩ ᠬᠤᠶ ᠢᠦᠶ ᠱᠦᠵᠢ ᠶᠢᠨ ᠶᠠᠷᠢᠶ᠎ᠠ ᠶᠢ | ᠨᠠᠷᠢᠨ ᠬᠢᠨᠠᠮᠠᠭᠠᠶ ᠶᠠᠷᠢᠯᠴᠠᠵᠤ᠂ ︽ᠰᠢᠶᠠᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ | ᠶᠠᠷᠢᠯᠴᠠᠬᠤ ᠨᠣᠤᠷᠠᠭ︶︾᠂ ︽ᠹᠧᠩ ᠵᠢᠶᠦ᠋ᠨ᠂ ᠵᠠᠩ ᠭᠤᠸᠠᠩ᠂ ᠵᠠᠩ ᠵᠢᠶᠦ᠋ᠨ᠂ ᠵᠣᠣ ᠷᠦᠢ ᠸᠠᠩ᠂ ᠮᠠ ᠨᠢᠩ᠂ ᠺᠠᠩ | ᠪᠢᠶᠤᠤ ᠵᠡᠷᠭᠡ 6 ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠤ ᠲᠤᠰᠢᠶᠠᠯ ᠢ ᠤᠭᠴᠠᠷᠠᠭᠤᠯᠬᠤ ᠲᠤᠬᠠᠶ ᠲᠣᠭᠲᠠᠭᠠᠯ ︵ᠲᠥᠰᠦᠯ︶ ︵ | ᠶᠠᠷᠢᠯᠴᠠᠬᠤ ᠨᠣᠤᠷᠠᠭ︶︾ ᠵᠢᠴᠢ ︽ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ︵ᠶᠠᠷᠢᠯᠴᠠᠬᠤ ᠨᠣᠤᠷᠠᠭ︶︾᠃ | ᠡᠭᠦᠨ ᠤ ᠬᠠᠮᠲᠤ ᠲᠤᠰ ᠤᠳᠠᠭ᠎ᠠ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠪᠦᠬᠦ ᠰᠢᠶᠠᠨ ᠤ | ᠭᠤᠣᠯᠳᠠᠯᠭ᠎ᠠ ᠲᠠᠢ ᠠᠵᠢᠯ ᠪᠣᠯᠤᠨ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ | ᠰᠣᠯᠢᠯᠴᠠᠨ ᠶᠠᠷᠢᠯᠴᠠᠪᠠ᠃ | ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠶᠦᠩ ᠴᠦᠨ | ᠸᠠᠩ ᠱᠦᠵᠢ ᠶᠢᠨ ᠶᠠᠷᠢᠶ᠎ᠠ ᠶᠢ ᠰᠣᠨᠣᠰᠤᠭᠠᠳ ᠪᠢ ᠶᠡᠬᠡᠳᠡ ᠵᠣᠷᠢᠭᠵᠢᠵᠤ᠂ ᠲᠦᠢᠯ ᠢᠶᠠᠷ ᠤᠷᠮᠠᠰᠢᠨ ᠵᠣᠷᠢᠭᠵᠢᠪᠠ᠃ | ᠶᠠᠷᠢᠶ᠎ᠠ ᠨᠢ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠣᠯᠤᠭᠰᠠᠨ ᠭᠠᠷᠮᠠᠭᠠᠢ ᠠᠮᠵᠢᠯᠲᠠ ᠶᠢ ᠪᠦᠬᠦ ᠲᠠᠯ᠎ᠠ ᠪᠠᠷ | ᠳ᠋ᠦᠩᠨᠡᠭᠰᠡᠨ ᠪᠥᠭᠡᠳ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠴᠢᠬᠤᠯᠠ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠡ ᠶᠢᠨ | ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠠᠯᠤᠰ ᠬᠡᠳᠦ ᠶᠢᠨ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠢᠯᠡᠷᠡᠭᠦᠯᠵᠦ᠂ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠳᠤ | ᠰᠢᠨ᠎ᠡ ᠴᠢᠭᠯᠡᠯ ᠢ ᠵᠢᠭᠠᠵᠤ ᠥᠭᠴᠡᠢ᠃ ᠵᠠᠯᠭᠠᠭᠠᠳ᠂ ᠴᠧᠩ ᠭᠤᠸᠠᠨ ᠪᠠᠯᠭᠠᠰᠤ ᠪᠥᠬᠦᠳᠡ ᠬᠤᠷᠠᠯ ᠤᠨ ᠲᠣᠭᠤᠷᠢᠨ ᠳᠤ | ᠨᠢᠭᠡᠳᠦᠯᠲᠡᠶ ᠪᠠᠶᠢᠷᠢᠯᠠᠭᠤᠯᠤᠯᠲᠠ ᠬᠢᠵᠦ᠂ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠰᠢ ᠶᠢᠨ ᠫᠢᠩ ᠶᠡᠷᠦᠩᠬᠡᠶ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ︽ | ᠲᠠᠪᠤᠨ ᠶᠡᠭᠡ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ | ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠺᠠᠳ᠋ᠷ ᠤᠨ ᠡᠩᠨᠡᠭᠡ ᠶᠢ ᠴᠡᠭᠴᠡᠯᠡᠬᠦ | ᠵᠡᠷᠭᠡ ᠲᠠᠯ᠎ᠠ ᠪᠠᠷ ᠬᠦᠴᠦᠯᠡᠨ ᠴᠢᠷᠮᠠᠶᠢᠵᠤ᠂ ᠰᠢᠯᠢᠳᠡᠭ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃ | ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ | ᠳᠠᠷᠤᠭ᠎ᠠ ᠹᠧᠩ ᠰᠢᠤᠢ ᠬᠤᠶ | ᠲᠣᠰ ᠤᠳᠠᠭᠠᠨ ᠤ ᠪᠥᠬᠦᠳᠡ ᠬᠤᠷᠠᠯ ᠠᠴᠠ ᠪᠢᠳᠡᠨ ᠳᠤ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠵᠤ᠂ | ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠪᠠ᠂ ᠲᠠᠷᠠᠭᠠᠴᠢ ᠶᠢᠨ ᠠᠵᠢᠯ ᠤᠨ ᠳᠤᠮᠳᠠ᠂ ᠴᠧᠩ ᠭᠤᠸᠠᠨ ᠪᠠᠯᠭᠠᠰᠤ | ᠳᠣᠤᠷᠠᠬᠢ ᠬᠡᠳᠦᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠄ ᠨᠢᠭᠡ ᠳᠤ ᠶᠠᠳᠠᠭᠤ ᠠᠴᠠ | ᠰᠡᠷᠭᠡᠶᠢᠯᠡᠬᠦ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠤᠶᠠᠷ ᠲᠤ᠂ | ᠬᠤᠷᠢᠨ ᠭᠤᠷᠪᠠᠳᠤᠭᠠᠷ ᠨᠣᠮᠧᠷᠲᠤ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠨᠲᠡ ᠪᠠᠶᠢᠭᠤᠯᠤᠭᠰᠠᠨ ᠨᠠᠨ ᠭᠤᠸᠠᠨ ᠲᠠᠷᠢᠶᠠᠯᠠᠩ ᠤᠨ | ᠪᠦᠲᠦᠭᠡᠭᠳᠡᠬᠦᠨ ᠤ ᠲᠥᠪ ᠢ ᠭᠦᠢᠴᠡᠳ ᠠᠰᠢᠭᠯᠠᠨ ᠪᠥᠬᠦ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠭᠤᠷᠪᠠ ᠳᠤ᠂ | ᠪᠦᠬᠦ ᠪᠠᠯᠭᠠᠰᠤ ᠶᠢᠨ ᠰᠣᠶᠣᠯ ᠠᠮᠢ ᠠᠬᠤᠢ ᠶᠢᠨ ᠵᠤᠭᠠᠴᠠᠯ᠂ ᠰᠣᠶᠣᠯ ᠢᠷᠭᠡᠨᠰᠢᠯ ᠤᠨ ᠵᠤᠭᠠᠴᠠᠯ᠂ ᠬᠤᠪᠢᠰᠬᠠᠯ ᠤᠨ | ᠳᠤᠷᠠᠰᠬᠠᠯᠲᠤ ᠵᠤᠭᠠᠴᠠᠯ᠂ ᠮᠠᠯ ᠠᠵᠤ ᠠᠬᠤᠢ ᠲᠠᠷᠢᠶᠠᠯᠠᠩ ᠤᠨ ᠵᠤᠭᠠᠴᠠᠯ ᠢ ᠲᠦᠷᠭᠡᠨ ᠬᠥᠭᠵᠢᠭᠦᠯᠵᠦ᠂ ᠨᠡᠶᠢᠰᠯᠡᠯ ᠳᠤ | ᠬᠠᠨᠳᠤᠭᠤᠯᠤᠭᠰᠠᠨ ︽ᠠᠷᠤ ᠲᠠᠯ᠎ᠠ ᠶᠢᠨ ᠴᠡᠴᠡᠷᠯᠢᠭ︾᠂ ︽ᠲᠤᠮᠤ ᠨᠣᠭᠤᠭ᠎ᠠ ᠶᠢᠨ ᠬᠦᠷᠢᠶᠡᠯᠡᠩ︾ ᠢ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠲᠦᠷᠪᠡ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ | ᠂ ᠠᠷᠠᠳ ᠲᠦᠮᠡᠨ ᠤ ᠠᠵᠠ ᠵᠢᠷᠭᠠᠯ ᠢ ᠴᠢᠷᠮᠠᠶᠢᠨ ᠳᠡᠭᠡᠭᠰᠢᠯᠡᠭᠦᠯᠦᠨ᠎ᠡ᠃ | ᠡᠯ ᠲᠠᠢ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢᠶᠠᠩ ᠶᠠᠨ | ᠸᠠᠩ ᠱᠦᠵᠢ ᠶᠢᠨ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠦᠨᠳᠦᠰᠦᠨ ᠱᠠᠲᠤᠨ ᠤ ᠲᠣᠰᠬᠤᠨ ᠤ ᠺᠠᠳ᠋ᠷ | ᠪᠣᠯᠤᠭᠰᠠᠨ ᠤ ᠬᠤᠪᠢ ᠳᠤ ᠪᠢ ᠮᠠᠰᠢ ᠶᠡᠭᠡ ᠵᠣᠷᠢᠭᠵᠢᠭᠤᠯᠤᠯ ᠪᠠ ᠰᠡᠩᠬᠡᠷᠡᠭᠦᠯᠦᠯ ᠣᠯᠤᠭᠰᠠᠨ ᠶᠤᠮ᠃ ᠬᠤᠶᠢᠰᠢᠳᠠ ᠶᠢᠨ | ᠠᠵᠢᠯ ᠳᠤᠮᠳᠠ ᠪᠠᠨ ᠪᠢ ᠥᠩᠭᠡᠷᠡᠭᠰᠡᠨ ᠲᠠᠢ ᠪᠠᠨ ᠠᠳᠠᠯᠢ ᠪᠠᠷ ︽ᠳᠠᠭᠠᠭᠤᠯᠤᠭᠴᠢ︾ ᠶᠢᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠬᠥᠳᠡᠭᠡ ᠲᠣᠰᠬᠤᠨ ᠤ ᠵᠠᠰᠠᠯᠲᠠ ᠵᠡᠷᠭᠡ | ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ | ᠠᠵᠢᠯ ᠤᠨ ᠲᠠᠯ᠎ᠠ ᠪᠠᠷ᠄ ᠨᠢᠭᠡ ᠳᠤ᠂ ︽ᠬᠤᠶᠠᠷ ᠵᠥᠪᠯᠡᠯ︾ ᠤᠨ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠭᠠᠴᠠᠭ᠎ᠠ ᠶᠢ ᠳᠠᠭᠠᠭᠠᠴᠢᠯᠠᠬᠤ ᠳᠦᠷᠢᠮ ᠢ ᠬᠡᠷᠡᠭᠵᠢᠭᠦᠯᠦᠨ᠎ᠡ᠃ ᠬᠤᠶᠠᠷ ᠲᠤ᠂ ᠨᠠᠮ ᠤᠨ ᠭᠡᠰᠢᠭᠦᠨ ᠢᠶᠠᠷ ᠬᠥᠲᠥᠯᠥᠨ | ᠳᠠᠭᠠᠭᠤᠯᠤᠭᠰᠠᠨ᠂ ᠬᠡᠪ ᠴᠢᠨᠠᠷ ᠰᠠᠶᠢᠲᠠᠶ ᠡᠶᠡᠳᠡᠭᠦᠯᠦᠭᠴᠢ ᠶᠢᠨ ᠡᠩᠨᠡᠭᠡ ᠶᠢ ᠪᠠᠶᠢᠭᠤᠯᠤᠨ᠎ᠠ᠃ ᠭᠤᠷᠪᠠ ᠳᠤ᠂ ᠨᠠᠮ ᠤᠨ | ᠭᠡᠰᠢᠭᠦᠨ ᠺᠠᠳ᠋ᠷᠴᠤᠳ ᠤᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠤᠨ᠎ᠠ᠃ ᠬᠥᠳᠡᠭᠡ | ᠲᠣᠰᠬᠤᠨ ᠤ ᠵᠠᠰᠠᠯᠲᠠ ᠶᠢᠨ ᠲᠠᠯ᠎ᠠ ᠪᠠᠷ᠄ ᠨᠢᠭᠡ ᠳᠤ᠂ ᠲᠣᠣᠷᠵᠢᠯ ᠤᠨ ᠵᠠᠰᠠᠯᠲᠠ ᠶᠢ ᠴᠢᠩᠭᠠᠳᠬᠠᠵᠤ᠂ ᠠᠶᠢᠯ ᠲᠣᠰᠬᠤᠨ ᠤ | ᠵᠠᠰᠠᠯᠲᠠ ᠶᠢᠨ ᠨᠠᠷᠢᠯᠢᠬᠵᠢᠯ ᠢ ᠳᠡᠭᠡᠭᠰᠢᠯᠡᠭᠦᠯᠦᠨ᠎ᠡ᠃ ᠬᠤᠶᠠᠷ ᠲᠤ᠂ ᠦᠨᠡᠨᠴᠢ ᠢᠲᠡᠭᠡᠮᠵᠢ ᠶᠢᠨ ᠰᠢᠰᠲᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠡᠭᠦᠳᠦᠨ᠎ᠡ᠃ ᠭᠤᠷᠪᠠ ᠳᠤ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠷᠢᠭᠤᠨ ᠴᠡᠪᠡᠷ | ᠴᠡᠪᠡᠷ ᠲᠡᠭᠰᠢ ᠲᠣᠰᠬᠤᠨ ᠢ ᠡᠭᠦᠳᠦᠨ ᠪᠠᠶᠢᠭᠤᠯᠤᠨ᠎ᠠ᠃ ᠲᠦᠷᠪᠡ ᠳᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ | ᠠᠵᠢᠯ ᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃ ᠲᠠᠪᠤ ᠳᠤ᠂ ᠤᠯᠠᠭᠠᠨ | ᠂ ᠰᠠᠭᠠᠷᠠᠯ᠂ ᠬᠠᠷ᠎ᠠ ᠰᠠᠮᠪᠠᠷ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠤᠨ᠎ᠠ᠃ ᠵᠢᠷᠭᠤᠭ᠎ᠠ ᠳᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠵᠤ᠂ ᠪᠣᠯᠪᠠᠰᠤᠨ ᠡᠶ᠎ᠡ | ᠵᠣᠬᠢᠴᠠᠩᠭᠤᠢ ᠰᠢᠨ᠎ᠡ ᠰᠤᠷᠲᠠᠯ ᠢ ᠰᠠᠨᠠᠭᠠᠴᠢᠯᠠᠨ᠎ᠠ᠃ | ᠰᠢᠩ ᠬᠤᠸᠠ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠶᠢᠨ ᠴᠢᠩ ᠴᠢᠩ | ᠸᠠᠩ ᠱᠦᠵᠢ ᠶᠢᠨ ᠶᠠᠷᠢᠶ᠎ᠠ ᠶᠢ ᠰᠣᠨᠣᠰᠤᠭᠠᠳ ᠪᠢ ᠶᠡᠬᠡᠳᠡ ᠵᠣᠷᠢᠭᠵᠢᠨ ᠰᠡᠩᠬᠡᠷᠡᠪᠡ᠃ ᠰᠢᠩ ᠬᠤᠸᠠ ᠨᠡᠶᠢᠭᠡᠮ | ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠥᠷᠨᠢᠭᠦᠯᠬᠦ ᠲᠠᠯ᠎ᠠ ᠪᠠᠷ ᠲᠠᠰᠤᠷᠠᠯᠲᠠ ᠦᠭᠡᠶ ᠰᠢᠨ᠎ᠡ ᠶᠢ | ᠡᠭᠦᠳᠦᠨ ᠳᠡᠰ ᠳᠡᠪᠰᠢᠵᠦ᠂ ︽ᠤᠯᠠᠭᠠᠨ ᠠᠨᠠᠷ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠵᠤ᠂ | ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠢᠯ ᠣᠯᠭᠤᠯᠲᠠ ᠶᠢᠨ ᠪᠣᠯᠪᠠᠰᠤᠷᠠᠯ ᠢ ᠵᠣᠬᠢᠶᠠᠨ | ᠪᠠᠶᠢᠭᠤᠯᠵᠤ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠤᠳᠬ᠎ᠠ ᠤᠷᠠᠯᠢᠭ ᠤᠨ | ᠠᠵᠢᠯᠯᠠᠭ᠎ᠠ ᠥᠷᠨᠢᠭᠦᠯᠪᠡ ᠁ ︽356︾ ᠶᠢᠨ ᠬᠡᠷᠡᠭ ᠵᠥᠪᠯᠡᠬᠦ ᠬᠠᠤᠯᠢ ᠶᠢ ᠬᠡᠷᠡᠭᠵᠢᠭᠦᠯᠵᠦ᠂ ᠪᠢ ᠤᠯᠠᠨ ᠲᠦᠮᠡᠨ ᠳᠤ | ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠶᠢ ᠥᠷᠨᠢᠭᠦᠯᠵᠦ᠂ ᠤᠳᠤ ᠪᠣᠯᠲᠠᠯ᠎ᠠ᠂ ᠬᠠᠷᠢᠶ᠎ᠠ ᠲᠣᠭᠤᠷᠢᠭ ᠤᠨ ᠰᠠᠭᠤᠭᠠᠯᠢ | ᠠᠷᠠᠳ ᠲᠤ ᠲᠤᠰᠤᠨ ᠤᠲᠤᠭ᠎ᠠ ᠶᠢᠨ ᠠᠰᠠᠭᠤᠳᠠᠯ᠂ ᠪᠠᠭ᠎ᠠ ᠲᠣᠭᠤᠷᠢᠭ ᠤᠨ ᠵᠠᠮ ᠤᠨ ᠳ᠋ᠧᠩ᠂ ᠠᠭᠤᠳᠠᠮ ᠲᠠᠯᠠᠪᠠᠢ ᠶᠢᠨ | ᠰᠡᠷᠢᠭᠦᠨ ᠲᠢᠩᠰᠡ ᠶᠢ ᠰᠡᠯᠪᠢᠨ ᠵᠠᠰᠠᠬᠤ᠂ ᠪᠠᠭ᠎ᠠ ᠲᠣᠭᠤᠷᠢᠭ ᠤᠨ ᠴᠠᠬᠢᠯᠭᠠᠨ ᠳᠡᠭᠡᠰᠦ ᠲᠠᠰᠤᠷᠠᠬᠤ ᠵᠡᠷᠭᠡ 13 | ᠠᠰᠠᠭᠤᠳᠠᠯ ᠢ ᠰᠢᠢᠳᠪᠦᠷᠢᠯᠡᠵᠦ ᠥᠭᠴᠡᠢ᠃ ᠳᠠᠷᠠᠭᠠᠴᠢ ᠶᠢᠨ ᠠᠯᠬᠤᠮ ᠳᠤ᠂ ᠰᠢᠩ ᠬᠤᠸᠠ ᠨᠡᠶᠢᠭᠡᠮ ᠲᠣᠭᠤᠷᠢᠭ ᠤᠨ ᠬᠢᠨ | ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠵᠢᠴᠢ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠵᠤ᠂ ᠡᠭᠦᠳᠦᠨ ᠪᠠᠶᠢᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ | ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠵᠢᠶᠠ ᠫᠧᠶ ᠱᠧᠩ | ᠪᠦᠭᠦᠳᠡ ᠬᠤᠷᠠᠯ ᠤᠨ ᠺᠠᠳ᠋ᠷ ᠢ ᠰᠣᠩᠭᠤᠨ ᠪᠤᠶᠢᠵᠢᠭᠤᠯᠬᠤ ᠶᠢ ᠰᠢᠯᠢᠳᠡᠭᠵᠢᠭᠦᠯᠬᠦ ᠳᠤ ᠲᠤᠰᠠᠲᠠᠢ ᠠᠵᠢᠯ ᠤᠨ | ᠱᠠᠭᠠᠷᠳᠠᠯᠭ᠎ᠠ ᠶᠣᠰᠣᠭᠠᠷ᠂ ᠮᠠᠨ ᠤ ᠡᠷᠬᠢᠯᠡᠭᠰᠡᠨ ᠲᠣᠭᠤᠷᠢᠨ ᠪᠠᠶᠢᠴᠠᠭᠠᠬᠤ ᠠᠵᠢᠯ ᠢ ᠦᠨᠳᠦᠰᠦᠨ ᠱᠠᠲᠤᠨ ᠳᠤ ᠤᠯᠠᠮ | ᠴᠢᠨᠠᠭᠰᠢᠳᠠ ᠥᠷᠭᠡᠳᠬᠡᠨ ᠥᠷᠭᠡᠳᠬᠡᠵᠦ᠂ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠪᠣᠯᠤᠨ᠎ᠠ᠃ ᠠᠷᠠᠳ ᠤᠯᠠᠨ ᠳᠤ ᠲᠣᠭᠤᠷᠢᠨ ᠪᠠᠶᠢᠴᠠᠭᠠᠵᠤ | ᠲᠣᠭᠤᠷᠢᠨ ᠪᠠᠶᠢᠴᠠᠭᠠᠬᠤ ᠶᠢᠨ ᠰᠦᠷ ᠬᠦᠴᠦᠨ ᠢ ᠦᠨᠡᠨᠬᠦ ᠮᠡᠳᠡᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ | ᠨᠠᠮ ᠢ ᠵᠠᠰᠠᠬᠤ ᠡᠷᠡᠰ ᠪᠠᠲᠤ ᠵᠣᠷᠢᠭ ᠢ ᠮᠡᠳᠡᠷᠡᠭᠦᠯᠬᠦ ᠬᠡᠷᠡᠭᠲᠡᠢ᠃ | ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠸᠠᠩ ᠵᠧᠨ ᠭᠤᠸᠠᠩ | ᠸᠠᠩ ᠱᠦᠵᠢ ᠶᠢᠨ ᠶᠠᠷᠢᠶ᠎ᠠ ᠨᠢ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠪᠢᠳᠡᠨ ᠤ ᠳᠠᠷᠠᠭᠠᠴᠢ ᠶᠢᠨ ᠠᠯᠬᠤᠮ ᠤᠨ | ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠴᠧᠩ ᠭᠤᠸᠠᠨ ᠪᠠᠯᠭᠠᠰᠤᠨ ᠤ ᠠᠵᠢᠯ ᠤᠨ ᠡᠭᠦᠷᠭᠡ ᠬᠦᠨᠳᠦ | ᠪᠣᠯᠬᠤᠷ ᠪᠢᠳᠡ ᠤᠯᠤᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠲᠠ ᠬᠤᠯᠪᠣᠯᠴᠠᠨ᠂ | ᠬᠤᠲᠠ ᠶᠢᠨ ᠪᠣᠭᠤᠮᠲᠠ ᠶᠢᠨ ᠬᠥᠭᠵᠢᠯᠲᠡ ᠳᠤ ᠬᠠᠮᠲᠤ ᠪᠠᠷ ᠠᠰᠢᠭ ᠭᠥᠷᠳᠡᠬᠦ ᠨᠢ ᠯᠠᠪᠲᠠᠶ ᠶᠤᠮ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠮᠠ ᠰᠢ | ᠸᠠᠩ ᠱᠦᠵᠢ ᠶᠢᠨ ᠶᠠᠷᠢᠶᠠᠨ ᠤ ᠭᠤᠣᠯ ᠰᠢᠵᠢᠮ ᠨᠢ ᠲᠣᠳᠣᠷᠬᠠᠢ ᠪᠠᠶᠢᠵᠤ᠂ ᠬᠥᠮᠦᠰ ᠤᠨ ᠰᠡᠳᠬᠢᠯ ᠢ | ᠤᠷᠮᠠᠰᠢᠭᠤᠯᠤᠨ ᠵᠣᠷᠢᠭᠵᠢᠭᠤᠯᠵᠠᠢ᠃ ᠮᠠᠨ ᠤ ᠰᠢᠶᠠᠨ ᠤ ᠰᠤᠷᠭᠠᠨ ᠬᠥᠮᠦᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ | ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠠᠪᠤᠳᠠᠯ ᠢ ᠵᠠᠪᠠᠯᠪᠢᠳᠡ ︽ᠬᠤᠶᠠᠷ ᠢ | ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠵᠡᠷᠭᠡ ᠳᠤ ᠪᠠᠰᠠ ᠴᠢ ᠾᠦᠢ | ᠬᠡᠦᠬᠡᠳ ᠤᠨ ᠴᠡᠴᠡᠷᠯᠢᠭ᠂ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠪᠣᠯᠤᠨ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠦᠷᠭᠡᠳᠬᠡᠬᠦ ᠪᠣᠯᠤᠨ᠎ᠠ᠃ ︽ᠨᠠᠷᠠᠲᠤ ᠰᠣᠷᠣᠭᠴᠢ᠂ ᠨᠠᠷᠠᠲᠤ ᠪᠠᠭᠰᠢ᠂ ᠨᠡᠷ᠎ᠡ ᠠᠯᠳᠠᠷ︾ ᠢ ᠶᠡᠬᠡᠪᠡᠷ | ᠬᠥᠮᠦᠵᠢᠭᠦᠯᠵᠦ᠂ ᠰᠢᠶᠠᠨ ᠤ ᠭᠠᠳᠠᠨᠠᠬᠢ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠵᠤ᠂ ᠰᠢᠶᠠᠨ ᠤ ᠳᠣᠲᠣᠷᠠᠬᠢ | ᠰᠢᠯᠢᠳᠡᠭ ᠰᠣᠷᠣᠭᠴᠢ ᠶᠢᠨ ᠢᠷᠡᠯᠲᠡ ᠶᠢ ᠦᠯᠡᠳᠡᠭᠡᠵᠦ᠂ ᠴᠢᠳᠠᠪᠤᠷᠢᠲᠠᠨ ᠢᠶᠠᠷ ᠰᠢᠶᠠᠨ ᠢᠶᠠᠨ ᠬᠦᠴᠦᠷᠬᠡᠭᠵᠢᠭᠦᠯᠬᠦ᠂ | ᠰᠣᠶᠣᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ | ᠰᠢᠨ᠎ᠡ ᠳᠡᠭᠲᠡᠷ ᠲᠤ ᠭᠠᠷᠬᠤ᠂ ᠳᠠᠬᠢᠨ ᠬᠡᠷᠡᠯ ᠰᠠᠴᠤᠷᠠᠩᠭᠤᠶ ᠰᠢᠨ᠎ᠡ ᠡᠭᠦᠳᠦᠯᠲᠡ ᠶᠢ ᠠᠬᠢᠭᠤᠯᠬᠤ ᠶᠢ ᠠᠬᠢᠭᠤᠯᠤᠨ᠎ᠠ︕ | ᠬᠤᠷᠠᠯ ᠳᠤ ᠣᠷᠣᠯᠴᠠᠭᠰᠠᠨ ᠪᠤᠰᠤᠳ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠰᠠ ᠥᠪᠡᠷ ᠥᠪᠡᠷ ᠤᠨ | ᠠᠵᠢᠯ ᠤᠨ ᠬᠦᠷᠢᠶ᠎ᠡ ᠶᠢᠨ ᠢᠶᠠᠨ ᠲᠤᠬᠠᠢ ᠶᠠᠷᠢᠶ᠎ᠠ ᠲᠠᠯᠪᠢᠬᠤ ᠶᠢᠨ ᠬᠠᠮᠲᠤ ᠬᠤᠳᠠ ᠶᠢᠨ ᠪᠣᠭᠤᠮᠲᠠ ᠪᠠᠯᠭᠠᠰᠤ ᠶᠢᠨ | ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠴᠢᠭᠯᠡᠭᠦᠯᠬᠦ ᠴᠢᠨᠠᠷᠲᠠᠢ ᠵᠢᠯᠣᠭᠤᠳᠬᠤ ᠰᠠᠨᠠᠯ ᠳᠤᠷᠠᠳᠴᠠᠢ᠃ | ᠪᠥᠬᠦᠳᠡ ᠬᠤᠷᠠᠯ ᠤᠨ ᠠᠭᠤᠯᠭ᠎ᠠ ᠵᠢᠴᠢ ᠰᠢᠶᠠᠩ ᠪᠠᠯᠭᠠᠰᠤᠨ ᠤ ᠠᠵᠢᠯ ᠤᠨ ᠣᠳᠣᠬᠢ ᠪᠠᠶᠢᠳᠠᠯ ᠲᠠᠢ | ᠤᠶᠠᠯᠳᠤᠭᠤᠯᠤᠨ᠂ ᠳᠣᠣᠷᠠᠬᠢ ᠬᠡᠳᠦᠨ ᠲᠠᠯ᠎ᠠ ᠠᠴᠠ ᠡᠬᠢᠯᠡᠨ ᠠᠳᠬᠤᠬᠤ ᠶᠢ ᠪᠢ ᠰᠠᠨᠠᠭᠤᠯᠤᠶ᠎ᠠ᠄ ᠨᠢᠭᠡ ᠳᠤ ᠵᠢᠱᠢᠶ᠎ᠡ | ᠦᠵᠡᠭᠦᠯᠬᠦ ᠴᠡᠭ ᠤᠨ ᠪᠠᠶᠢᠭᠤᠯᠤᠯᠲᠠ ᠶᠢ ᠠᠳᠬᠤᠵᠤ᠂ ᠰᠢᠩ ᠬᠤᠸᠠ ᠨᠡᠶᠢᠭᠡᠮ ᠲᠣᠭᠤᠷᠢᠭ ᠤᠨ ︽ᠪᠦᠬᠦ ᠤᠯᠤᠰ ᠤᠨ | ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠤᠶᠠᠷ ᠲᠤ ᠠᠮᠤᠷ ᠲᠦᠪᠰᠢᠨ ᠤ ᠪᠠᠶᠢᠭᠤᠯᠤᠯᠲᠠ ᠶᠢ ᠠᠳᠬᠤᠵᠤ᠂ ᠡᠯ ᠲᠠᠢ ᠽᠢ ᠭᠠᠴᠠᠭᠠᠨ ᠤ | ᠠᠷᠠᠳ ᠤᠨ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠠᠰᠠᠯᠲᠠ ᠶᠢᠨ ᠦᠷ᠎ᠡ ᠪᠦᠲᠦᠮᠵᠢ ᠶᠢ | ᠳ᠋ᠦᠩᠨᠡᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠶᠡᠭᠡ ᠪᠠᠷ ᠤᠬᠠᠭᠤᠯᠤᠨ ᠳᠡᠯᠭᠡᠷᠡᠭᠦᠯᠪᠡ᠃ | ᠭᠤᠷᠪᠠ ᠳᠤ᠂ ᠰᠢ ᠭᠤᠸᠠᠨ᠂ ᠡᠯ ᠲᠠᠢ ᠽᠢ ᠲᠣᠰᠬᠤᠨ ᠤ ᠠᠷᠠᠳ ᠤᠨ ᠵᠥᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠲᠦᠷᠪᠡ ᠳᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ | ᠬᠤᠷᠠᠮᠳᠤᠭᠤᠯᠤᠨ ᠬᠦᠴᠦᠨ ᠴᠢᠳᠠᠯ ᠣᠯᠭᠤᠨ᠎ᠠ᠃ ᠲᠠᠪᠤ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠠᠭ ᠦᠶ᠎ᠡ ᠲᠠᠢ | ᠵᠡᠷᠭᠡ ᠪᠠᠷ ᠤᠷᠤᠭᠰᠢᠯᠠᠭᠤᠯᠵᠤ᠂ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ᠂ 12345 ᠵᠡᠷᠭᠡ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠰᠢᠨ᠎ᠡ ᠠᠷᠭ᠎ᠠ ᠵᠠᠮ ᠲᠠᠢ | ᠤᠶᠠᠯᠳᠤᠭᠤᠯᠤᠨ᠂ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠦ᠂ | ᠰᠢᠢᠳᠪᠦᠷᠢᠯᠡᠵᠦ ᠪᠣᠯᠬᠤ ᠶᠢ ᠨᠢ ᠲᠡᠷᠡ ᠳᠠᠷᠤᠶ ᠳᠤᠨᠢ ᠰᠢᠢᠳᠪᠦᠷᠢᠯᠡᠬᠦ ᠬᠡᠷᠡᠭᠲᠡᠶ︔ ᠬᠠᠤᠯᠢ ᠴᠠᠭᠠᠵᠠ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ ᠲᠦᠷᠦᠯ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ | ᠠᠷᠭ᠎ᠠ ᠵᠠᠮ ᠢᠶᠠᠷ ᠵᠠᠮᠨᠠᠭᠤᠯᠬᠤ︔ ᠬᠦᠴᠢᠷ ᠲᠦᠪᠡᠭᠲᠡᠶ ᠡᠯᠳᠡᠪ ᠡᠪᠡᠳᠴᠢᠨ ᠢ ᠰᠢᠢᠳᠪᠦᠷᠢᠯᠡᠬᠦ ᠴᠠᠭ ᠬᠤᠭᠤᠴᠠᠭ᠎ᠠ | ᠬᠡᠷᠡᠭᠰᠡᠬᠦ ᠶᠢ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠠᠷᠢᠯᠭᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠣᠯᠠᠨ ᠲᠦᠮᠡᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠶ᠃ | ᠵᠢᠷᠭᠤᠭ᠎ᠠ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠦᠯᠡᠳᠡᠭᠡᠬᠦ ᠬᠡᠷᠡᠭᠲᠡᠶ᠂ ᠴᠢᠳᠠᠪᠤᠷᠢᠲᠠᠨ ᠪᠣᠯ | ᠮᠠᠨᠳᠤᠯ ᠬᠥᠭᠵᠢᠯ ᠢ ᠲᠦᠯᠬᠢᠨ ᠠᠬᠢᠭᠤᠯᠬᠤ ᠶᠢᠨ ᠵᠠᠩᠭᠢᠯᠠᠭ᠎ᠠ ᠶᠢᠨ ᠬᠦᠴᠦᠨ ᠵᠦᠢᠯ ᠮᠥᠨ᠂ ᠴᠢᠳᠠᠪᠤᠷᠢᠲᠠᠨ ᠢ ᠣᠷᠣᠭᠤᠯᠤᠨ | ᠠᠪᠴᠢᠷᠠᠭᠰᠠᠨ ᠤ ᠳᠠᠷᠠᠭᠠᠬᠢ ᠮᠥᠷᠳᠡᠨ ᠦᠢᠯᠡᠴᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ | ᠲᠡᠭᠦᠯᠳᠡᠷᠵᠢᠭᠦᠯᠵᠦ᠂ ᠴᠢᠳᠠᠪᠤᠷᠢᠲᠠᠨ ᠤ ᠣᠷᠣᠨ ᠰᠠᠭᠤᠴᠠ᠂ ᠡᠪᠡᠳᠴᠢᠨ ᠦᠵᠡᠭᠦᠯᠬᠦ᠂ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ | ᠴᠢᠳᠠᠪᠤᠷᠢᠲᠠᠨ ᠤ ᠡᠩᠨᠡᠭᠡ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠤᠯᠠᠨ ᠢᠶᠠᠷ ᠢᠶᠠᠨ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠶᠢᠨ ᠶᠠᠷᠢᠶ᠎ᠠ ᠨᠢ ᠲᠤᠭ ᠲᠡᠮᠳᠡᠭ | ᠲᠣᠳᠣᠷᠬᠠᠢ᠂ ᠦᠨᠡᠨ ᠠᠴᠠ ᠵᠥᠪ ᠢ ᠡᠷᠢᠵᠦ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ ᠭᠡᠵᠦ ᠰᠠᠨᠠᠯ ᠨᠢᠭᠡᠲᠡᠢ | ᠦᠵᠡᠪᠡ᠃ ︽ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ︵ᠶᠠᠷᠢᠯᠴᠠᠬᠤ ᠡᠬᠡ ᠨᠣᠤᠷᠠᠭ︶︾ ᠳᠤ ᠡᠯᠪᠡᠭ | ᠪᠠᠶᠠᠯᠢᠭ ᠠᠭᠤᠯᠤᠭᠳᠠᠬᠤᠨ ᠲᠠᠢ᠂ ᠭᠦᠨ ᠭᠦᠨᠵᠡᠭᠡᠶ ᠤᠳᠬ᠎ᠠ ᠠᠭᠤᠯᠭ᠎ᠠ ᠲᠠᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠳᠠᠭ᠃ ᠤᠯᠠᠨ ᠢᠶᠠᠷ ᠢᠶᠠᠨ᠂ ᠬᠤᠷᠠᠯ ᠤᠨ ᠳᠠᠷᠠᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ ᠭᠡᠵᠦ | ᠢᠯᠡᠳᠬᠡᠵᠡᠭᠡᠪᠡ᠃ ᠡᠭᠦᠨ ᠤ ᠬᠠᠮᠲᠤ ᠰᠢᠶᠠᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ | ᠠᠵᠢᠯ ᠢ ᠰᠥᠨᠢᠵᠢᠨ ᠬᠢᠬᠦ ᠦᠭᠡᠢ᠂ ᠳᠠᠷᠦ᠋ᠢᠬᠠᠨ ᠬᠢᠬᠦ ᠰᠤᠷᠲᠠᠯ ᠪᠣᠯᠤᠨ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ | ᠲᠡᠷᠢᠭᠦᠨ ᠳᠤ ᠣᠷᠣᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠡᠷᠴᠢ ᠵᠣᠷᠢᠭ ᠢᠶᠠᠷ᠂ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ | ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠶᠡᠬᠡᠪᠡᠷ ᠠᠬᠢᠭᠤᠯᠵᠤ᠂ ᠰᠢᠩ ᠡᡁᠧ | ᠰᠢᠶᠠᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︕ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |