ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/7/27
     ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦᠳᠠ ᠬᠤᠷᠠᠯ ᠤᠨ ᠠᠯᠪᠠᠨ ᠮᠡᠳᠡᠭᠡ ︵2023 ᠣᠨ ᠤ 7 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦᠳᠠ ᠬᠤᠷᠠᠯ ᠠᠴᠠ ᠪᠠᠲᠤᠯᠠᠪᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦᠳᠠ ᠬᠤᠷᠠᠯ 2023 ᠣᠨ ᠤ 7 ᠰᠠᠷ᠎ᠠ ᠶᠢᠨ 25 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 28 ᠬᠥᠮᠦᠨ ᠂ ᠣᠷᠣᠯᠠᠭᠴᠢ ᠭᠡᠰᠢᠭᠦᠨ 8 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ᠂ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠪᠣᠯᠤᠨ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠶᠠᠷᠢᠶ᠎ᠠ ᠲᠠᠯᠪᠢᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠳᠡᠭᠡᠷ᠎ᠡ ᠬᠠᠭᠠᠰ ᠵᠢᠯ ᠤᠨ      ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠬᠤᠷᠢᠶ᠎ᠡ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠬᠠᠮᠢᠶ᠎ᠠ ᠪᠦᠬᠦᠢ ᠲᠠᠯ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠠᠢ᠃ ᠸᠠᠩ ᠬᠤᠢ ᠢᠦᠢ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃      ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠪᠠ ᠴᠢᠬᠤᠯᠠ ᠶᠠᠷᠢᠶ᠎ᠠ ᠨᠢ ᠡᠭᠦᠨ ᠠᠴᠠ ᠡᠮᠦᠨᠡᠬᠢ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠲᠤᠤᠱᠯᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠦᠷᠭᠦᠯᠵᠢᠯᠡᠯ ᠥᠷᠭᠡᠵᠢᠯ᠂ ᠨᠡᠩ ᠥᠨᠳᠥᠷ ᠱᠠᠭᠠᠷᠳᠠᠯᠭ᠎ᠠ ᠲᠠᠢ ᠪᠣᠯᠵᠠᠶ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠠᠴᠠ ᠥᠪᠥᠷ ᠮᠣᠩᠭᠤᠯ ᠢ ᠭᠦᠨ ᠰᠡᠳᠬᠢᠯᠭᠡ ᠲᠠᠢ ᠪᠠᠷ ᠬᠠᠯᠠᠮᠵᠢᠯᠠᠵᠤ ᠪᠠᠶᠢᠬᠤ ᠪᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠠᠢ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠶᠡᠷᠦᠩᠬᠡᠶ ᠱᠦᠵᠢ ᠰᠢ ᠶᠢᠨ ᠫᠢᠩ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠤᠨ ᠲᠤᠤᠱᠯᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠶᠢᠨ ᠬᠦᠰᠡᠯ ᠨᠠᠶᠢᠳᠠᠯᠭ᠎ᠠ ᠶᠢ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠶ᠋ᠯᠡᠳᠦᠯᠭᠡᠵᠢᠭᠦᠯᠦᠨ᠎ᠡ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠲᠠᠪᠤᠨ ᠶᠡᠭᠡ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠥᠲᠥᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠵᠦ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ᠠᠷᠤ ᠲᠠᠯ᠎ᠠ ᠶᠢᠨ ᠴᠡᠴᠡᠷᠯᠢᠭ ᠢ ᠲᠦᠷᠭᠡᠨ ᠪᠠᠶᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠤᠮᠳᠠ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ︔ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠥᠨᠳᠥᠷ ᠲᠦᠪᠰᠢᠨ ᠤ ︽ᠠᠮᠤᠷ ᠠᠮᠤᠭᠤᠯᠠᠩ ᠡᠩᠬᠡ ᠲᠠᠶᠢᠪᠤᠩ︾ ᠢ ᠬᠦᠴᠦᠯᠡᠨ ᠪᠠᠶᠢᠭᠤᠯᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠰᠢᠯᠢᠳᠡᠭ ᠪᠤᠶᠢᠵᠢᠭᠤᠯᠤᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ︽ᠪᠣᠬᠢᠷᠲᠤᠯ ᠦᠭᠡᠢ︾ ᠪᠠᠷ ᠬᠡᠯᠬᠢᠶ᠎ᠡ ᠪᠣᠯᠭᠠᠵᠤ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ︽ᠨᠢᠭᠡ ᠬᠠᠷ᠎ᠠ ᠨᠢᠭᠡ ᠴᠠᠭᠠᠨ︾ ᠢᠶᠠᠷ ᠰᠠᠭᠤᠷᠢ ᠪᠣᠯᠭᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠡᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾ ᠢ ᠲᠦᠷᠭᠡᠨ ᠪᠠᠶᠢᠭᠤᠯᠵᠤ᠂ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠬᠡᠨ ᠪᠠᠶᠢᠭᠤᠯᠬᠤ ᠳᠤᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ︔ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾᠂ ︽ᠰᠢᠨ᠎ᠡ ᠰᠣᠷᠭᠤᠭ ᠨᠣᠭᠤᠭ᠎ᠠ ᠶᠢ ᠪᠡᠭᠡᠵᠢᠩ ᠳᠤ ᠣᠷᠣᠭᠤᠯᠬᠤ︾᠂ ︽ᠤᠷᠢᠳᠴᠢᠯᠠᠨ ᠬᠢᠭᠰᠡᠨ ᠢᠳᠡᠭᠡᠨ ᠢ ᠪᠡᠭᠡᠵᠢᠩ ᠳᠤ ᠣᠷᠣᠭᠤᠯᠬᠤ︾ ᠭᠤᠷᠪᠠᠨ ᠠᠵᠢᠯ ᠢ ᠰᠠᠶᠢᠲᠤᠷ ᠬᠢᠵᠦ᠂ ᠨᠡᠶᠢᠰᠯᠡᠯ ᠳᠤ ᠬᠠᠨᠳᠤᠭᠤᠯᠤᠭᠰᠠᠨ ︽ᠲᠤᠮᠤ ᠨᠣᠭᠤᠭ᠎ᠠ ᠶᠢᠨ ᠬᠦᠷᠢᠶᠡᠯᠡᠩ︾ ᠢ ᠲᠦᠷᠭᠡᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤᠮᠳᠠ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ︔ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠠᠪᠴᠠᠩ ᠢ ᠰᠠᠶᠢᠲᠤᠷ ᠠᠰᠢᠭᠯᠠᠵᠤ᠂ ᠭᠠᠳᠠᠭᠠᠳᠤ ᠨᠡᠬᠡᠬᠡᠯᠳᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠳᠡᠯᠭᠡᠭᠦᠷ ᠢ ᠪᠤᠶᠢᠵᠢᠭᠤᠯᠵᠤ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠠᠴᠢᠶᠠᠯᠠᠪᠤᠷᠢ ᠶᠢᠨ ᠣᠷᠣᠨ︾ ᠢ ᠲᠦᠷᠭᠡᠨ ᠪᠠᠶᠢᠭᠤᠯᠵᠤ᠂ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤᠮᠳᠠ ᠰᠢᠨ᠎ᠡ ᠵᠠᠮ ᠢ ᠨᠡᠭᠡᠭᠡᠬᠦ ᠬᠡᠷᠡᠭᠲᠡᠢ︔ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠲᠣᠭᠲᠠᠭᠠᠯ︾ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠲᠤᠷ ᠠᠳᠬᠤᠵᠤ᠂ ︽ᠳᠣᠯᠤᠭ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠳᠤ ᠴᠢᠭᠯᠡᠭᠦᠯᠦᠨ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠰᠢᠨ᠎ᠡ ᠬᠤᠪᠢ ᠨᠡᠮᠡᠷᠢ ᠦᠵᠡᠭᠦᠯᠦᠨ᠎ᠡ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠤᠯᠠᠨ ᠲᠦᠮᠡᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠶ᠋ᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠤᠯᠠᠨ ᠲᠦᠮᠡᠨ ᠤ ᠰᠡᠳᠬᠢᠯ ᠳᠤ ᠨᠡᠶᠢᠴᠡᠭᠦᠯᠵᠦ᠂ ᠠᠷᠠᠳ ᠤᠯᠠᠨ ᠳᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠨᠢ ᠠᠵᠢᠯᠯᠠᠭ᠎ᠠ ᠳᠡᠭᠡᠷ᠎ᠡ ᠪᠠᠨ ᠪᠠᠶᠢᠬᠤ ᠪᠥᠭᠡᠳ ᠳᠡᠷᠭᠡᠳᠡ ᠨᠢ ᠪᠠᠶᠢᠬᠤ ᠲᠦᠷᠦᠭᠳᠡᠯ ᠣᠯᠭᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠳᠠᠰᠤᠷᠠᠯᠳᠠ ᠦᠬᠡᠢ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ︔ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠪᠣᠳᠠᠲᠠᠢ ᠠᠳᠬᠤᠵᠤ᠂ ᠬᠥᠳᠡᠯᠦᠩᠭᠦᠢ ᠪᠠᠷ ︽ᠥᠷᠢ ᠰᠢᠷᠢ ᠶᠢ ᠢᠯᠭᠠᠷᠠᠭᠤᠯᠬᠤ︾ ᠠᠵᠢᠯ ᠢ ᠰᠠᠶᠢᠲᠤᠷ ᠬᠢᠬᠦᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ︔ ᠡᠮᠴᠢᠯᠡᠭᠡᠨ ᠤ ᠬᠠᠮᠲᠤ ᠶᠢᠨ ᠴᠣᠭᠴᠠ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠨᠡᠩ ᠤᠯᠠᠨ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃      ᠪᠥᠬᠦᠳᠡ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠡᠩ ᠥᠨᠳᠥᠷ ᠪᠠᠷᠢᠮᠵᠢᠶ᠎ᠠ ᠪᠠ ᠱᠠᠭᠠᠷᠳᠠᠯᠭ᠎ᠠ ᠪᠠᠷ ᠦᠵᠡᠯ ᠰᠠᠨᠠᠭ᠎ᠠ ᠪᠠᠨ ᠴᠢᠯᠥᠭᠡᠯᠡᠬᠦ᠂ ᠦᠵᠡᠯᠲᠡ ᠪᠠᠨ ᠰᠢᠨᠡᠳᠬᠡᠬᠦ᠂ ᠰᠤᠷᠲᠠᠯ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠲᠦᠷᠭᠡᠨ ᠠᠬᠢᠭᠤᠯᠵᠤ᠂ ᠲᠦᠷᠭᠡᠨ ᠨᠠᠶᠢᠳᠠᠪᠤᠷᠢᠵᠢᠭᠤᠯᠵᠤ᠂ ᠲᠦᠷᠭᠡᠨ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠲᠥᠪ ᠭᠤᠣᠯᠴᠢ ᠰᠢᠨ᠎ᠡ ᠶᠢ ᠡᠭᠦᠳᠬᠦ ᠪᠠᠷ ᠦᠵᠡᠯ ᠰᠠᠨᠠᠭᠠᠨ ᠤ ᠴᠢᠯᠥᠭᠡᠯᠡᠯᠲᠡ ᠶᠢ ᠠᠬᠢᠭᠤᠯᠵᠤ᠂ ︽ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ᠂ ᠰᠢᠯᠤᠭᠤᠳᠬᠠᠬᠤ ᠪᠣᠯ ᠳᠠᠷᠤᠢ ᠦᠷ᠎ᠡ ᠪᠦᠲᠦᠮᠵᠢ᠂ ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ᠂ ᠬᠠᠮᠲᠤᠷᠠᠯᠴᠠᠭ᠎ᠠ ᠬᠢᠬᠦ ᠪᠣᠯ ᠪᠠᠰᠠ ᠴᠤ ᠨᠡᠬᠡᠬᠡᠯᠳᠡ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠠᠶᠢᠩᠭᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠡᠷᠴᠢᠮᠯᠢᠭ ᠪᠥᠭᠡᠳ ᠠᠷᠪᠢᠲᠠᠢ ᠬᠥᠭᠵᠢᠭᠦᠯᠬᠦ ᠶᠢ ᠪᠠᠷᠢᠮᠲᠠᠯᠠᠵᠤ᠂ ᠨᠡᠬᠡᠬᠡᠯᠳᠡ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ︔ ᠪᠤᠯᠬᠢ ᠳᠠᠳᠬᠠᠯ ᠢ ᠴᠡᠭᠴᠡᠯᠡᠨ ᠵᠠᠰᠠᠬᠤ ᠪᠠᠷ ᠰᠤᠷᠲᠠᠯ ᠤᠨ ᠬᠤᠪᠢᠷᠠᠭᠤᠯᠤᠯᠲᠠ ᠶᠢ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠢᠯᠡ ᠲᠣᠳᠣ ᠢᠯᠡ ᠲᠣᠳᠣ ᠠᠳᠠᠯᠢᠳᠬᠠᠬᠤ︾ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠤᠳᠠᠭᠠᠨ︾ ︽ᠪᠦᠳᠦᠭᠦᠯᠢᠭ︾ ︽ᠬᠡᠶᠢᠰᠪᠦᠷᠢ︾ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠢ︔ ᠦᠨᠡᠨᠬᠦ ᠠᠳᠬᠤᠵᠤ ᠪᠣᠳᠠᠲᠠᠢ ᠠᠵᠢᠯᠯᠠᠬᠤ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠠᠩᠰᠠ ᠡᠪᠬᠡᠮᠡᠯ ᠲᠤᠰᠢᠶᠠᠬᠤ ᠶᠢ ᠴᠢᠩᠭᠠᠳᠬᠠᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ᠂ ᠰᠠᠶᠢᠨ ᠢᠶᠠᠷ ᠬᠢᠵᠦ ᠰᠠᠶᠢᠨ ᠢᠶᠠᠷ ᠪᠦᠲᠦᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦᠰᠠᠨᠠᠯ ᠨᠢᠭᠡᠲᠡᠶ ᠦᠵᠡᠭᠰᠡᠨ ᠨᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤ ᠨᠡᠩ ᠡᠷᠡᠰ ᠪᠠᠲᠤ ᠤᠬᠠᠮᠰᠠᠷ ᠲᠠᠢ ᠪᠣᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠨᠡᠩ ᠬᠦᠴᠦᠲᠡᠶ ᠪᠥᠭᠡᠳ ᠪᠦᠲᠦᠮᠵᠢᠲᠡᠶ ᠪᠣᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠨᠡᠩ ᠡᠷᠴᠢᠮᠲᠡᠢ ᠪᠤᠯᠵᠤ᠂ ᠤᠯᠠᠨ ᠲᠦᠮᠡᠨ ᠤ ᠵᠣᠯ ᠵᠢᠷᠭᠠᠯ ᠤᠨ ᠴᠢᠨᠠᠷ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠵᠦ᠂ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠡᠯ᠎ᠡ ᠵᠦᠢᠯ ᠤᠨ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠥᠷᠭᠡᠨ ᠤᠯᠠᠨ ᠺᠠᠳ᠋ᠷᠴᠤᠳ ᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠪᠦᠬᠦ ᠲᠠᠯ᠎ᠠ ᠪᠠᠷ ᠪᠠᠳᠠᠷᠠᠭᠤᠯᠵᠤ᠂ ᠪᠦᠬᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠ ᠨᠢᠩ᠂ ᠹᠧᠩ ᠵᠢᠶᠦ᠋ᠨ᠂ ᠵᠠᠩ ᠭᠤᠸᠠᠩ᠂ ᠵᠠᠩ ᠵᠢᠶᠦ᠋ᠨ᠂ ᠵᠣᠣ ᠷᠦᠢ ᠸᠠᠩ᠂ ᠺᠠᠩ ᠪᠢᠶᠤᠤ ᠵᠡᠷᠭᠡ 6 ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠭᠤᠯᠭᠠᠬᠤ ᠪᠠᠷ ᠲᠣᠭᠲᠠᠪᠠ᠃      ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠯᠠᠪᠳᠠᠭᠤᠨ ᠪᠠᠲᠤᠲᠠᠢ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠡᠵᠢᠶᠡᠳᠡ ᠰᠢᠨᠲᠠᠷᠠᠰᠢ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠲᠡᠮᠡᠴᠡᠬᠦ ᠳᠦᠷᠰᠦ ᠪᠠᠶᠢᠳᠠᠯ ᠢᠶᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠨᠡᠩ ᠶᠡᠭᠡ ᠬᠥᠭᠵᠢᠯ ᠪᠠ ᠬᠤᠪᠢ ᠨᠡᠮᠡᠷᠢ ᠦᠵᠡᠭᠦᠯᠰᠦᠭᠡᠢ︕                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3